ᠨᠡᠶᠢᠲᠡ ᠭᠣᠮᠣᠳᠠᠯ ᠤᠨ 52 ᠬᠤᠪᠢ ᠨᠢ ᠲᠤᠰᠬᠠᠢ ᠵᠥᠪᠰᠢᠶᠡᠷᠡᠯ᠂ ᠲᠧᠨᠳᠧᠷ ᠲᠡᠢ ᠬᠣᠯᠪᠣᠭ᠎ᠠ ᠲᠠᠢ | News.MN

ᠨᠡᠶᠢᠲᠡ ᠭᠣᠮᠣᠳᠠᠯ ᠤᠨ 52 ᠬᠤᠪᠢ ᠨᠢ ᠲᠤᠰᠬᠠᠢ ᠵᠥᠪᠰᠢᠶᠡᠷᠡᠯ᠂ ᠲᠧᠨᠳᠧᠷ ᠲᠡᠢ ᠬᠣᠯᠪᠣᠭ᠎ᠠ ᠲᠠᠢ

ᠠᠪᠯᠢᠭ᠎ᠠ ᠲᠠᠢ ᠲᠡᠮᠡᠴᠡᠬᠦ ᠭᠠᠵᠠᠷ ᠤᠨ ᠰᠤᠳᠤᠯᠭ᠎ᠠ ᠰᠢᠨᠵᠢᠯᠡᠭᠡᠨ ᠦ ᠠᠯᠪᠠ ᠨᠢ 2022 ᠣᠨ ᠤ 2 ᠳ᠋ᠤᠭᠠᠷ ᠰᠠᠷ᠎ᠠ ᠶᠢᠨ 7-11  ᠳᠤ ᠢᠷᠭᠡᠨ᠂ ᠬᠠᠤᠯᠢ ᠶᠢᠨ ᠡᠲᠡᠭᠡᠳ ᠡᠴᠡ ᠢᠷᠡᠭᠦᠯᠦᠭᠰᠡᠨ 66 ᠡᠷᠭᠦᠳᠡᠯ ᠭᠣᠮᠣᠳᠠᠯ ᠢ ᠬᠦᠯᠢᠶᠡᠨ ᠠᠪᠴᠤ᠂ ᠬᠠᠷᠢᠶᠠᠯᠠᠬᠤ ᠴᠢᠭ ᠡᠭᠦᠷᠭᠡ ᠶᠢᠨ ᠨᠢᠭᠡᠴᠡ ᠳᠦ ᠬᠦᠷᠭᠡᠭᠦᠯᠦᠯ᠎ᠡ᠃ ᠲᠡᠳᠡᠭᠡᠷ ᠡᠷᠭᠦᠳᠡᠯ᠂ ᠭᠣᠮᠣᠳᠠᠯ᠂ ᠮᠡᠳᠡᠭᠡᠯᠡᠯ ᠦᠨ 52 ᠬᠤᠪᠢ ᠨᠢ ᠠᠪᠯᠢᠭ᠎ᠠ ᠶᠢᠨ ᠭᠡᠮᠲᠦ ᠬᠡᠷᠡᠭ ᠦᠨ ᠰᠢᠨᠵᠢᠲᠡᠢ ᠪᠥᠭᠡᠳ ᠲᠤᠰᠬᠠᠢ ᠵᠥᠪᠰᠢᠶᠡᠷᠡᠯ᠂ ᠲᠧᠨᠳᠧᠷ ᠬᠤᠳᠠᠯᠳᠤᠨ ᠠᠪᠬᠤ ᠠᠵᠢᠯᠯᠠᠭ᠎ᠠ᠂ ᠲᠥᠰᠥᠪ ᠦᠨ ᠬᠥᠷᠥᠩᠭᠡ ᠶᠢᠨ ᠵᠠᠷᠤᠴᠠᠭᠤᠯᠤᠯᠲᠠ ᠲᠠᠢ ᠬᠣᠯᠪᠣᠭ᠎ᠠ ᠲᠠᠢ᠃

ᠥᠩᠭᠡᠷᠡᠭᠰᠡᠨ ᠳᠣᠯᠣᠭ᠎ᠠ ᠬᠣᠨᠣᠭ ᠲᠤ ᠠᠪᠯᠢᠭ᠎ᠠ ᠶᠢ ᠮᠡᠳᠡᠭᠡᠯᠡᠬᠦ 110 ᠲᠤᠰᠬᠠᠢ ᠳ᠋ᠤᠭᠠᠷ ᠢᠶᠠᠷ 280 ᠳᠠᠭᠤᠳᠠᠯᠭ᠎ᠠ ᠬᠦᠯᠢᠶᠡᠨ ᠠᠪᠴᠠᠢ᠃ ᠲᠤᠰ ᠠᠯᠪᠠ《ᠮᠣᠩᠭᠣᠯᠴᠤᠳ ᠤᠨ ᠶᠣᠰᠣ ᠵᠠᠩᠰᠢᠯ᠂ ᠤᠯᠠᠮᠵᠢᠯᠠᠯ᠂ ᠠᠬᠤᠢ᠂ ᠰᠤᠶᠤᠯ ᠲᠠᠢ ᠨᠡᠶᠢᠴᠡᠭᠰᠡᠨ ᠰᠣᠶᠣᠨ ᠭᠡᠭᠡᠷᠡᠭᠦᠯᠬᠦ ᠦᠢᠯᠡ ᠠᠵᠢᠯᠯᠠᠭᠠᠨ ᠤ ᠠᠷᠭ᠎ᠠ᠂ ᠬᠡᠯᠪᠡᠷᠢ ᠶᠢ ᠲᠣᠳᠣᠷᠬᠠᠶᠢᠯᠠᠬᠤ》 ᠰᠤᠳᠤᠯᠭᠠᠨ ᠤ ᠠᠵᠢᠯ ᠤᠨ ᠬᠦᠷᠢᠶᠡᠨ ᠳᠦ ᠠᠪᠯᠢᠭ᠎ᠠ ᠶᠢᠨ ᠬᠡᠷᠡᠭ ᠢ ᠰᠢᠢᠳᠪᠦᠷᠢᠯᠡᠭᠰᠡᠨ ᠰᠢᠭᠦᠬᠦ ᠶᠢᠨ ᠰᠢᠢᠳᠪᠦᠷᠢ ᠪᠣᠯᠤᠨ ᠠᠪᠯᠢᠭ᠎ᠠ ᠶᠢᠨ ᠬᠡᠷᠡᠭ ᠲᠦ ᠬᠣᠯᠪᠣᠭᠳᠠᠵᠤ ᠰᠢᠭᠦᠬᠦ ᠪᠡᠷ ᠭᠡᠮ ᠪᠤᠷᠤᠭᠤ ᠲᠠᠢ ᠨᠢ ᠲᠣᠭᠲᠠᠭᠠᠭᠳᠠᠨ ᠶᠠᠯ᠎ᠠ ᠡᠳ᠋ᠯᠡᠵᠦ ᠪᠤᠢ ᠬᠦᠮᠦᠰ ᠦᠨ ᠵᠠᠷᠢᠮ ᠲᠣᠭᠠᠨ ᠮᠡᠳᠡᠭᠡᠯᠡᠯ ᠳᠦ ᠳ᠋ᠦᠩ ᠰᠢᠨᠵᠢᠯᠡᠭᠡ ᠬᠢᠵᠡᠢ᠃ ᠮᠥᠨ ᠲᠥᠷᠥ ᠶᠢᠨ 12 ᠪᠠᠶᠢᠭᠤᠯᠤᠯᠭ᠎ᠠ ᠳᠤ ᠠᠪᠯᠢᠭ᠎ᠠ ᠶᠢᠨ  ᠡᠷᠡᠰᠳᠡᠯ ᠦᠨ ᠦᠨᠡᠯᠡᠭᠡ ᠬᠢᠬᠦ ᠪᠡᠷ ᠪᠡᠯᠡᠳᠬᠡᠯ ᠠᠵᠢᠯ ᠢ ᠬᠠᠩᠭᠠᠭᠠᠳ ᠪᠠᠶᠢᠨ᠎ᠠ᠃

ᠰᠡᠳᠬᠢᠭᠳᠡᠯ ᠦᠯᠡᠳᠡᠭᠡᠬᠦ