ᠡᠨᠡᠳᠬᠡᠭ᠂ ᠮᠠᠯᠠᠶᠢᠽ᠂ ᠺᠦᠸᠠᠢᠲ ᠤᠨ ᠪᠠᠭ ᠤᠳ ᠮᠣᠩᠭᠣᠯ ᠳᠤ ᠲᠣᠭᠯᠠᠨ᠎ᠠ | News.MN

ᠡᠨᠡᠳᠬᠡᠭ᠂ ᠮᠠᠯᠠᠶᠢᠽ᠂ ᠺᠦᠸᠠᠢᠲ ᠤᠨ ᠪᠠᠭ ᠤᠳ ᠮᠣᠩᠭᠣᠯ ᠳᠤ ᠲᠣᠭᠯᠠᠨ᠎ᠠ

ᠬᠥᠯ ᠪᠥᠮᠪᠥᠭᠡ ᠶᠢᠨ ᠠᠽᠢᠶ᠎ᠠ ᠶᠢᠨ ᠠᠪᠤᠷᠭᠤ ᠰᠢᠯᠭᠠᠷᠠᠭᠤᠯᠬᠤ ᠲᠡᠮᠡᠴᠡᠭᠡᠨ ᠬᠢᠲᠠᠳ ᠤᠯᠤᠰ ᠲᠤ 2023 ᠣᠨ ᠳᠤ ᠪᠣᠯᠤᠨ᠎ᠠ᠃ ᠲᠤᠰ ᠲᠡᠮᠡᠴᠡᠭᠡᠨ ᠦ ᠤᠷᠢᠳᠴᠢᠯᠠᠭᠰᠠᠨᠭᠤᠷᠪᠠᠳᠤᠭᠠᠷ ᠱᠠᠲᠤᠨ ᠤ ᠬᠡᠰᠡᠭ ᠦᠨ ᠲᠣᠭᠯᠠᠯᠲᠠ ᠨᠤᠭᠤᠳ ᠢ ᠮᠣᠩᠭᠣᠯ ᠤᠯᠤᠰ ᠡᠨᠡ ᠣᠨ ᠤ ᠵᠢᠷᠭᠤᠳᠤᠭᠠᠷ ᠰᠠᠷ᠎ᠠ ᠳᠤ ᠡᠬᠡ ᠣᠷᠣᠨ ᠳᠤ ᠪᠠᠨ ᠵᠣᠬᠢᠶᠠᠨ ᠪᠠᠶᠢᠭᠤᠯᠬᠤ ᠪᠠᠷ ᠪᠣᠯᠵᠠᠢ᠃ ᠮᠣᠩᠭᠣᠯ ᠤᠨ ᠪᠠᠭ 2019 ᠣᠨ ᠠᠴᠠ ᠬᠣᠶᠢᠰᠢ ᠬᠥᠯ ᠪᠥᠮᠪᠥᠭᠡ ᠶᠢᠨ ᠳᠡᠯᠡᠬᠡᠢ ᠶᠢᠨ ᠠᠪᠤᠷᠭᠤ ᠰᠢᠯᠭᠠᠷᠠᠭᠤᠯᠬᠤ ᠲᠡᠮᠡᠴᠡᠭᠡᠨ ᠦ ᠤᠷᠢᠳᠴᠢᠯᠠᠭᠰᠠᠨ ᠱᠠᠲᠤᠨ ᠳᠤ ᠲᠣᠭᠯᠠᠭᠰᠠᠭᠠᠷ ᠡᠨᠡ ᠱᠠᠲᠤᠨ ᠳᠤ ᠰᠢᠯᠭᠠᠷᠠᠭᠰᠠᠨ ᠪᠠᠶᠢᠨ᠎ᠠ᠃
ᠤᠭ ᠱᠠᠲᠤᠨ ᠳᠤ ᠨᠡᠶᠢᠲᠡ 24 ᠪᠠᠭ ᠰᠢᠯᠭᠠᠷᠠᠵᠤ ᠦᠯᠡᠳᠡᠭᠰᠡᠨ ᠡᠴᠡ 11 ᠨᠢ ᠠᠽᠢᠶ᠎ᠠ ᠶᠢᠨ ᠠᠪᠤᠷᠭᠤ ᠰᠢᠯᠭᠠᠷᠠᠭᠤᠯᠬᠤ ᠲᠡᠮᠡᠴᠡᠭᠡᠨ ᠳᠦ ᠥᠷᠢᠰᠦᠯᠳᠦᠨ᠎ᠡ᠃ ᠬᠡᠰᠡᠭ ᠦᠨ ᠱᠠᠲᠤᠨ ᠤ ᠰᠤᠭᠤᠯᠤᠭ᠎ᠠ ᠡᠨᠡ ᠰᠠᠷ᠎ᠠ ᠶᠢᠨ 24  ᠦ ᠡᠳᠦᠷ ᠪᠣᠯᠤᠨ᠎ᠠ ᠭᠡᠵᠦ ᠮᠣᠩᠭᠣᠯ ᠤᠨ ᠬᠥᠯ ᠪᠥᠮᠪᠥᠭᠡ ᠶᠢᠨ ᠬᠣᠯᠪᠣᠭᠠᠨ ᠠᠴᠠ ᠮᠡᠳᠡᠭᠡᠯᠡᠯ᠎ᠡ᠃

ᠰᠡᠳᠬᠢᠭᠳᠡᠯ ᠦᠯᠡᠳᠡᠭᠡᠬᠦ