ᠲᠧᠨᠳᠧᠷ ᠢ ᠬᠤᠭᠤᠴᠠᠭᠠᠨ ᠳᠤ ᠨᠢ ᠵᠣᠬᠢᠶᠠᠨ ᠪᠠᠢᠭᠤᠯᠤᠭ᠎ᠠ ᠦᠭᠡᠢ ᠪᠤᠯ ᠬᠠᠷᠢᠭᠤᠴᠠᠯᠭ᠎ᠠ ᠲᠣᠭᠠᠴᠠᠨ᠎ᠠ | News.MN

ᠲᠧᠨᠳᠧᠷ ᠢ ᠬᠤᠭᠤᠴᠠᠭᠠᠨ ᠳᠤ ᠨᠢ ᠵᠣᠬᠢᠶᠠᠨ ᠪᠠᠢᠭᠤᠯᠤᠭ᠎ᠠ ᠦᠭᠡᠢ ᠪᠤᠯ ᠬᠠᠷᠢᠭᠤᠴᠠᠯᠭ᠎ᠠ ᠲᠣᠭᠠᠴᠠᠨ᠎ᠠ

《ᠰᠢᠨ᠎ᠡ ᠰᠡᠷᠭᠦᠯᠲᠡ ᠶᠢᠨ ᠪᠣᠳᠣᠯᠭ᠎ᠠ ᠶᠢᠨ ᠬᠡᠷᠡᠭᠵᠢᠯᠲᠡ ᠶᠢ ᠣᠷᠣᠨ ᠨᠤᠲᠤᠭ ᠲᠤ ᠡᠷᠴᠢᠮᠵᠢᠭᠦᠯᠬᠦ ᠨᠢ》 ᠨᠢᠭᠡᠳᠦᠭᠰᠡᠨᠵᠦᠪᠯᠡᠯᠭᠡᠨ ᠳᠦ ᠥᠨᠥᠳᠥᠷ ᠮᠣᠩᠭᠣᠯ ᠤᠯᠤᠰ ᠤᠨ ᠶᠡᠷᠦᠩᠬᠡᠢ ᠰᠠᠶᠢᠳ ᠯ∙ᠤᠶᠤᠡᠡᠷᠳᠡᠨᠢ ᠣᠷᠣᠯᠴᠠᠯ᠎ᠠ᠃ ᠵᠦᠪᠯᠡᠯᠭᠡᠨ ᠳᠦ ᠵᠠᠰᠠᠭ ᠤᠨ ᠭᠠᠵᠠᠷ ᠤᠨ ᠬᠡᠷᠡᠭ ᠡᠷᠬᠢᠯᠡᠬᠦ ᠭᠠᠵᠠᠷ ᠤᠨ ᠳᠠᠷᠤᠭ᠎ᠠ ᠼ ∙ ᠨᠢᠮᠠᠳᠣᠷᠵᠢ᠂ ᠵᠠᠰᠠᠭ ᠤᠨ ᠭᠠᠵᠠᠷ ᠤᠨ ᠭᠡᠰᠢᠭᠦᠳ᠂ ᠠᠶᠢᠮᠠᠭ᠂ ᠨᠡᠶᠢᠰᠯᠡᠯ ᠦᠨ ᠤᠳᠤᠷᠢᠳᠤᠯᠭ᠎ᠠ ᠨᠠᠷ ᠣᠷᠣᠯᠴᠠᠵᠤ᠂ ᠰᠡᠳᠦᠪ ᠦᠨ ᠬᠦᠷᠢᠶᠡᠨ ᠳᠦ ᠬᠡᠯᠡᠯᠴᠡᠭᠦᠯᠭᠡ ᠥᠷᠨᠢᠭᠦᠯᠵᠦ ᠪᠠᠶᠢᠨ᠎ᠠ᠃
ᠶᠡᠷᠦᠩᠬᠡᠢ ᠰᠠᠶᠢᠳ ᠯ ∙ ᠤᠶᠤᠡᠡᠷᠳᠡᠨᠢ ᠵᠠᠰᠠᠭ ᠤᠨ ᠭᠠᠵᠠᠷ ᠤᠨ ᠪᠣᠳᠣᠯᠭ᠎ᠠ᠂ ᠰᠢᠢᠳᠪᠦᠷᠢ ᠪᠣᠯᠤᠨ 《ᠰᠢᠨ᠎ᠡ ᠰᠡᠷᠭᠦᠯᠲᠡ ᠶᠢᠨ ᠪᠣᠳᠣᠯᠭ᠎ᠠ》  ᠳᠤ ᠲᠤᠰᠤᠭᠰᠠᠨ ᠬᠥᠭᠵᠢᠯ ᠢ ᠬᠢᠵᠠᠭᠠᠷᠯᠠᠭᠴᠢ ᠵᠢᠷᠭᠤᠭᠠᠨ ᠬᠦᠴᠦᠨ ᠵᠦᠢᠯ ᠦᠨ ᠲᠠᠯ᠎ᠠ ᠪᠠᠷ ᠣᠷᠣᠨ ᠨᠤᠲᠤᠭ ᠤᠨ ᠤᠳᠤᠷᠢᠳᠤᠯᠭ᠎ᠠ ᠨᠠᠷ ᠲᠤ ᠳᠡᠯᠭᠡᠷᠡᠩᠭᠦᠢ ᠮᠡᠳᠡᠭᠡᠯᠡᠯ ᠦᠭᠴᠦ᠂ ᠠᠶᠢᠮᠠᠭ᠂ ᠣᠷᠣᠨ ᠨᠤᠲᠤᠭ ᠲᠤ ᠬᠢᠭᠳᠡᠬᠦ ᠪᠦᠲᠦᠭᠡᠨ ᠪᠠᠶᠢᠭᠤᠯᠤᠯᠲᠠ ᠶᠢᠨ ᠲᠥᠰᠥᠯ ᠦᠳ ᠢ ᠡᠬᠢᠯᠡᠭᠦᠯᠵᠦ᠂ ᠡᠷᠴᠢᠮᠵᠢᠭᠦᠯᠬᠦ ᠳᠦ ᠣᠨᠴᠠᠭᠠᠢ ᠠᠩᠬᠠᠷᠤᠨ᠂ ᠲᠤᠶᠢᠯ ᠤᠨ ᠬᠠᠷᠢᠭᠤᠴᠠᠯᠭᠠᠲᠠᠢ ᠠᠵᠢᠯᠯᠠᠬᠤ ᠶᠢ ᠵᠠᠬᠢᠯ᠎ᠠ᠃
2022 ᠣᠨ ᠤ ᠤᠯᠤᠰ ᠤᠨ ᠲᠥᠰᠥᠪ ᠦᠨ ᠬᠥᠷᠥᠩᠭᠡ ᠪᠡᠷ ᠪᠠᠷᠠᠭ᠎ᠠ᠂ ᠠᠵᠢᠯ ᠦᠢᠯᠡᠴᠢᠯᠡᠭᠡ ᠬᠤᠳᠠᠯᠳᠤᠨ ᠠᠪᠬᠤ ᠠᠵᠢᠯᠯᠠᠭ᠎ᠠ ᠶᠢ ᠭᠤᠷᠪᠠᠳᠤᠭᠠᠷ ᠰᠠᠷ᠎ᠠ ᠶᠢᠨ ᠨᠢᠭᠡᠨ ᠦ ᠳᠣᠲᠣᠷ᠎ᠠ ᠵᠣᠬᠢᠶᠠᠨ ᠪᠠᠶᠢᠭᠤᠯᠵᠤ ᠳᠠᠭᠤᠰᠬᠠᠬᠤ ᠶᠢ ᠡᠭᠦᠷᠭᠡ ᠪᠣᠯᠭᠠᠵᠤ᠂ ᠪᠦᠲᠦᠭᠡᠨ ᠪᠠᠶᠢᠭᠤᠯᠤᠯᠲᠠ ᠶᠢᠨ ᠠᠵᠢᠯ ᠢ ᠬᠤᠭᠤᠴᠠᠭᠠᠨ ᠳᠤ ᠨᠢ ᠡᠬᠢᠯᠡᠭᠦᠯᠦᠭᠡ ᠦᠭᠡᠢ ᠠᠯᠪᠠᠨ ᠲᠤᠰᠢᠶᠠᠯᠲᠠᠨ ᠳᠤ ᠬᠠᠷᠢᠭᠤᠴᠠᠯᠭ᠎ᠠ ᠲᠣᠭᠠᠴᠠᠨ᠎ᠠ ᠭᠡᠵᠦ ᠶᠡᠷᠦᠩᠬᠡᠢ ᠰᠠᠶᠢᠳ ᠬᠠᠲᠠᠭᠤ  ᠠᠩᠬᠠᠷᠤᠭᠤᠯᠵᠤ᠂ ᠲᠥᠰᠥᠪ ᠦᠨ ᠬᠤᠳᠠᠯᠳᠤᠨ ᠠᠪᠬᠤ ᠠᠵᠢᠯᠯᠠᠭ᠎ᠠ᠂ ᠲᠧᠨᠳᠧᠷ ᠢ ᠬᠤᠭᠤᠴᠠᠭᠠᠨ ᠳᠤ ᠨᠢ ᠠᠮᠵᠢᠯᠲᠠᠲᠠᠢ ᠵᠣᠬᠢᠶᠠᠨ ᠪᠠᠶᠢᠭᠤᠯᠵᠤ ᠴᠢᠳᠠᠭ᠎ᠠ ᠦᠭᠡᠢ ᠶᠠᠮᠤᠨ ᠂ ᠣᠷᠣᠨ ᠨᠤᠲᠤᠭ ᠤᠨ ᠤᠳᠤᠷᠢᠳᠤᠯᠭ᠎ᠠ  ᠨᠠᠷ ᠤᠨ ᠢᠷᠡᠬᠦ ᠵᠢᠯ ᠦᠨ ᠲᠥᠰᠥᠪ ᠡᠴᠡ ᠬᠠᠰᠤᠬᠤ ᠠᠷᠭ᠎ᠠ ᠬᠡᠮᠵᠢᠶ᠎ᠡ ᠠᠪᠤᠨ᠎ᠠ ᠭᠡᠯ᠎ᠡ᠃ ᠤᠯᠤᠰ ᠤᠨ ᠬᠡᠮᠵᠢᠶᠡᠨ ᠳᠦ ᠬᠡᠷᠡᠭᠵᠢᠬᠦ 716 ᠲᠥᠰᠥᠯ᠂ ᠠᠷᠭ᠎ᠠ ᠬᠡᠮᠵᠢᠶᠡᠨ ᠡᠴᠡ ᠲᠧᠨᠳᠧᠷ ᠵᠠᠷᠯᠠᠭᠰᠠᠨ ᠨᠢ 345 ᠪᠤᠶᠤ 48  ᠬᠤᠪᠢ ᠶᠢᠨ ᠭᠦᠢᠴᠡᠳᠬᠡᠯ ᠲᠡᠢ ᠪᠠᠶᠢᠨ᠎ᠠ᠃

ᠰᠡᠳᠬᠢᠭᠳᠡᠯ ᠦᠯᠡᠳᠡᠭᠡᠬᠦ