416 ᠺᠢᠯᠣᠮᠧᠲ᠋ᠷ ᠤᠷᠲᠤ ᠲᠠᠪᠤᠨᠲᠣᠯᠣᠭᠠᠢ-ᠵᠡᠭᠦᠨᠪᠠᠶᠠᠨ ᠴᠢᠭᠯᠡᠯ ᠦᠨ ᠲᠡᠮᠦᠷ ᠵᠠᠮ ᠤᠨ ᠲᠤᠷᠰᠢᠯᠲᠠ ᠶᠢᠨ ᠲᠡᠭᠡᠭᠡᠪᠦᠷᠢ ᠭᠤᠷᠪᠠᠳᠤᠭᠠᠷ ᠰᠠᠷ᠎ᠠ ᠶᠢᠨ 15 ᠳᠦ ᠡᠬᠢᠯᠡᠨ᠎ᠡ ᠭᠡᠵᠦ《ᠮᠣᠩᠭᠣᠯ ᠤᠨ ᠲᠡᠮᠦᠷ ᠵᠠᠮ》ᠺᠣᠮᠫᠠᠨᠢ ᠦᠨ ᠵᠠᠬᠢᠷᠤᠯ ᠮᠡᠳᠡᠭᠡᠯᠡᠯ᠎ᠡ᠃ ᠲᠠᠪᠤᠨᠲᠣᠯᠣᠭᠠᠢ- ᠭᠠᠰᠢᠭᠤᠨᠰᠤᠬᠠᠢᠲᠤ ᠴᠢᠭᠯᠡᠯ ᠦᠨ ᠲᠡᠮᠦᠷ ᠵᠠᠮ ᠤᠨ ᠬᠡᠪ ᠦᠨ ᠦᠢᠯᠡ ᠠᠵᠢᠯᠯᠠᠭ᠎ᠠ ᠢᠷᠡᠬᠦ ᠳᠣᠯᠣᠳᠤᠭᠠᠷ ᠰᠠᠷ᠎ᠠ ᠶᠢᠨ 15 ᠳᠦ ᠪᠠᠭᠲᠠᠵᠤ ᠡᠬᠢᠯᠡᠬᠦ ᠪᠡᠷ ᠪᠠᠶᠢᠭ᠎ᠠ ᠶᠤᠮ᠃
ᠣᠨ ᠤ ᠡᠬᠢᠨ ᠦ ᠪᠠᠶᠢᠳᠠᠯ ᠢᠶᠠᠷ ᠡᠷᠦᠳᠡᠰᠦ ᠪᠦᠲᠦᠭᠡᠭᠳᠡᠬᠦᠨ ᠦ ᠡᠺᠰᠫᠣᠷᠲ ᠡᠮᠦᠨᠡᠬᠢ ᠣᠨ ᠤ ᠮᠥᠨ ᠦᠶ᠎ᠡ ᠡᠴᠡ 39 ᠬᠤᠪᠢ ᠪᠠᠷ ᠪᠠᠭᠤᠷᠠᠵᠤ᠂ ᠭᠠᠳᠠᠭᠠᠳᠤ ᠬᠤᠳᠠᠯᠳᠤᠭ᠎ᠠ ᠠᠯᠳᠠᠭᠳᠠᠯ ᠲᠠᠢ ᠭᠠᠷᠤᠭᠰᠠᠨ ᠶᠤᠮ᠃ ᠲᠠᠪᠤᠨᠲᠣᠯᠣᠭᠠᠢ- ᠭᠠᠰᠢᠭᠤᠨᠰᠤᠬᠠᠢᠲᠤ ᠴᠢᠭᠯᠡᠯ ᠦᠨ ᠲᠡᠮᠦᠷ ᠵᠠᠮ ᠠᠰᠢᠭᠯᠠᠯᠲᠠ ᠳᠤ ᠤᠷᠤᠪᠠᠯ ᠵᠢᠯ ᠳᠦ 30 ᠰᠠᠶ᠎ᠠ ᠲᠣᠨ ᠨᠡᠭᠦᠷᠡᠰᠦ ᠭᠠᠷᠭᠠᠬᠤ ᠪᠤᠯᠤᠯᠴᠠᠭ᠎ᠠ ᠲᠠᠢ᠃ ᠡᠨᠡ ᠣᠨ ᠳᠤ ᠲᠡᠮᠦᠷ ᠵᠠᠮ ᠤᠳ ᠠᠰᠢᠭᠯᠠᠯᠲᠠ ᠳᠤ ᠣᠷᠣᠭᠰᠠᠨ ᠢᠶᠠᠷ《ᠡᠷᠳᠡᠨᠢᠰ ᠲᠠᠪᠤᠨᠲᠣᠯᠣᠭᠠᠢ》ᠺᠣᠮᠫᠠᠨᠢ 3.3 ᠰᠠᠶ᠎ᠠ ᠲᠣᠨ ᠨᠡᠭᠦᠷᠡᠰᠦ ᠲᠡᠮᠦᠷ ᠵᠠᠮ ᠢᠶᠠᠷ ᠲᠡᠭᠡᠭᠡᠪᠦᠷᠢᠯᠡᠬᠦ ᠪᠡᠷ ᠲᠥᠯᠥᠪᠯᠡᠵᠦ ᠪᠠᠶᠢᠨ᠎ᠠ᠃