《ᠮᠥᠩᠬᠡ ᠲᠩᠷᠢ ᠶᠢᠨ ᠪᠢᠴᠢᠭ-2021》ᠮᠣᠩᠭᠣᠯ ᠤᠷᠠᠨ ᠪᠢᠴᠢᠯᠭᠡ ᠶᠢᠨ ᠰᠢᠯᠢᠳᠡᠭ ᠦᠳ ᠲᠣᠳᠣᠷᠠᠯ᠎ᠠ | News.MN

《ᠮᠥᠩᠬᠡ ᠲᠩᠷᠢ ᠶᠢᠨ ᠪᠢᠴᠢᠭ-2021》ᠮᠣᠩᠭᠣᠯ ᠤᠷᠠᠨ ᠪᠢᠴᠢᠯᠭᠡ ᠶᠢᠨ ᠰᠢᠯᠢᠳᠡᠭ ᠦᠳ ᠲᠣᠳᠣᠷᠠᠯ᠎ᠠ

《ᠮᠥᠩᠬᠡ ᠲᠩᠷᠢ ᠶᠢᠨ ᠪᠢᠴᠢᠭ-2021》ᠦᠵᠡᠰᠬᠦᠯᠡᠩ ᠦᠨ ᠨᠡᠭᠡᠭᠡᠯᠲᠡ ᠲᠥᠷᠥ ᠶᠢᠨ ᠣᠷᠳᠣᠨ ᠳᠤ ᠪᠤᠯᠪᠠ᠃ ᠦᠵᠡᠰᠬᠦᠯᠡᠩ ᠳᠦ ᠳᠣᠲᠣᠭᠠᠳᠤ ᠶᠢᠨ ᠤᠷᠠᠨ ᠪᠦᠲᠦᠭᠡᠯᠴᠢ᠂ ᠶᠡᠷᠦᠩᠬᠡᠢ ᠪᠣᠯᠪᠠᠰᠤᠷᠠᠯ ᠤᠨ ᠰᠤᠷᠭᠠᠭᠤᠯᠢ ᠶᠢᠨ ᠪᠠᠭᠰᠢ᠂ ᠰᠤᠷᠤᠭᠴᠢᠳ ᠠᠴᠠ ᠭᠠᠳᠠᠨ᠎ᠠ ᠣᠷᠣᠰ  ᠤᠨ ᠪᠤᠷᠢᠶᠠᠳ ᠤᠯᠤᠰ᠂ ᠬᠠᠯᠢᠮᠠᠭ ᠤᠯᠤᠰ᠂ ᠬᠢᠲᠠᠳ ᠤᠨ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ᠂ ᠰᠢᠨᠵᠢᠶᠠᠩ-ᠤᠶᠢᠭᠤᠷ ᠤᠨ ᠥᠪᠡᠷᠲᠡᠭᠡᠨ ᠵᠠᠰᠠᠬᠤ ᠣᠷᠣᠨ ᠤ ᠤᠷᠠᠨ ᠪᠢᠴᠢᠯᠭᠡᠲᠡᠨ ᠪᠦᠲᠦᠭᠡᠯ ᠢᠶᠡᠨ ᠢᠷᠡᠭᠦᠯᠵᠡᠢ
ᠤᠷᠠᠨ ᠪᠦᠲᠦᠭᠡᠯᠴᠢ ᠶᠢᠨ ᠠᠩᠭᠢᠯᠡᠯ ᠳᠤ᠄《ᠴᠢᠩᠭᠢᠰ ᠦᠨ ᠪᠢᠯᠢᠭ ᠰᠤᠷᠭᠠᠯ》 ᠪᠦᠲᠦᠭᠡᠯ ᠢᠶᠡᠷ ᠢᠶᠡᠨ ᠥᠪᠥᠷ ᠮᠣᠩᠭᠣᠯ ᠤᠨ ᠮᠣᠩᠭᠣᠯ ᠤᠷᠠᠨ ᠪᠢᠴᠢᠯᠭᠡ ᠶᠢᠨ ᠨᠡᠶᠢᠭᠡᠮᠯᠢᠭ ᠦᠨ ᠤᠷᠠᠨ ᠪᠦᠲᠦᠭᠡᠯᠴᠢ ᠳᠡᠭᠵᠢᠯᠲᠦ ᠳᠡᠳ᠋ ᠪᠠᠶᠢᠷᠢ᠂ ᠥᠪᠥᠷ ᠮᠣᠩᠭᠣᠯ ᠤᠨ ᠮᠣᠩᠭᠣᠯ ᠤᠷᠠᠨ ᠪᠢᠴᠢᠯᠭᠡ ᠶᠢᠨ ᠨᠡᠶᠢᠭᠡᠮᠯᠢᠭ ᠦᠨ ᠳᠡᠳ᠋ ᠲᠡᠷᠢᠭᠦᠯᠡᠭᠴᠢ ᠰᠣᠳᠨᠠᠮ ᠤᠨ ᠴᠡᠩᠭᠡᠯᠪᠠᠶᠠᠷ 《ᠪᠢᠯᠢᠭ ᠪᠠᠷᠠᠮᠢᠳ ᠬᠡᠮᠡᠬᠦ ᠰᠤᠳᠤᠷ ᠣᠷᠣᠰᠢᠪᠠᠢ》ᠪᠦᠲᠦᠭᠡᠯ ᠢᠶᠡᠷ᠂ ᠰᠢᠨᠵᠢᠶᠠᠩ ᠤᠶᠢᠭᠤᠷ ᠤᠨ ᠥᠪᠡᠷᠲᠡᠭᠡᠨ ᠵᠠᠰᠠᠬᠤ ᠣᠷᠣᠨ ᠤ ᠤᠷᠠᠨ ᠪᠦᠲᠦᠭᠡᠯᠴᠢ ᠪᠠᠭᠠᠲᠤᠷ《ᠪᠤᠮᠪᠠ ᠶᠢᠨ ᠣᠷᠣᠨ》ᠪᠦᠲᠦᠭᠡᠯ ᠢᠶᠡᠷ ᠢᠶᠡᠨ ᠲᠤᠰᠬᠠᠢ ᠪᠠᠶᠢᠷᠢ ᠶᠢᠨ ᠱᠠᠩᠨᠠᠯ ᠬᠦᠷᠲᠡᠵᠡᠢ᠃

ᠰᠡᠳᠬᠢᠭᠳᠡᠯ ᠦᠯᠡᠳᠡᠭᠡᠬᠦ