ᠮᠡᠳᠡᠭᠡᠯᠡᠯ ᠦᠨ ᠲᠧᠭᠨᠣᠯᠣᠭᠢ ᠶᠢᠨ ᠡᠳ᠋ ᠦᠨ ᠵᠠᠰᠠᠭ ᠤᠨ ᠴᠢᠯᠦᠭᠡᠲᠦ ᠪᠥᠰᠡ ᠪᠠᠢᠭᠤᠯᠤᠨ᠎ᠠ | News.MN

ᠮᠡᠳᠡᠭᠡᠯᠡᠯ ᠦᠨ ᠲᠧᠭᠨᠣᠯᠣᠭᠢ ᠶᠢᠨ ᠡᠳ᠋ ᠦᠨ ᠵᠠᠰᠠᠭ ᠤᠨ ᠴᠢᠯᠦᠭᠡᠲᠦ ᠪᠥᠰᠡ ᠪᠠᠢᠭᠤᠯᠤᠨ᠎ᠠ

ᠮᠣᠩᠭᠣᠯ ᠤᠯᠤᠰ ᠤᠨ ᠶᠡᠬᠡ ᠬᠤᠷᠠᠯ ᠤᠨ ᠳᠠᠷᠤᠭ᠎ᠠ ᠭ∙ᠽᠠᠨᠳᠠᠨᠰᠢᠲᠠᠷ᠎ᠠ ᠶᠢᠨ ᠥᠭᠭᠦᠭᠰᠡᠨ ᠴᠢᠭᠯᠡᠯ ᠦᠨ ᠳᠠᠭᠠᠤ ᠥᠨᠥᠳᠥᠷ︵2022.02.17︶ᠢᠨᠨᠣᠸᠠᠼ᠂ ᠴᠠᠬᠢᠮ ᠪᠣᠳᠣᠯᠭ᠎ᠠ ᠶᠢᠨ ᠪᠠᠶᠢᠩᠭᠤ ᠶᠢᠨ ᠬᠣᠷᠢᠶᠠᠨ ᠠᠴᠠ ᠮᠡᠳᠡᠭᠡᠯᠡᠯ ᠦᠨ ᠲᠧᠭᠨᠣᠯᠣᠭᠢ ᠶᠢᠨ ᠲᠤᠰᠬᠠᠢ ᠪᠥᠰᠡ ᠪᠠᠶᠢᠭᠤᠯᠬᠤ ᠡᠷᠬᠡ ᠵᠦᠢ ᠶᠢᠨ ᠣᠷᠴᠢᠨ ᠢ ᠪᠦᠷᠢᠳᠦᠭᠦᠯᠬᠦ ᠪᠡᠷ ᠬᠤᠪᠢ ᠶᠢᠨ ᠬᠡᠪᠰᠢᠯ᠂ ᠮᠡᠷᠭᠡᠵᠢᠯ ᠦᠨ ᠬᠣᠯᠪᠣᠭᠠᠳ ᠤᠨ ᠲᠥᠯᠥᠭᠡᠯᠡᠯ ᠢ ᠣᠷᠤᠯᠴᠠᠭᠤᠯᠤᠨ ᠠᠭᠤᠯᠵᠠᠯᠲᠠ ᠵᠣᠬᠢᠶᠠᠨ

ᠪᠠᠶᠢᠭᠤᠯᠪᠠ᠃ 2022 ᠣᠨ ᠤ ᠬᠠᠪᠤᠷ ᠤᠨ ᠡᠭᠡᠯᠵᠢᠲᠦ ᠴᠢᠭᠤᠯᠭᠠᠨ ᠢᠶᠠᠷ ᠮᠣᠩᠭᠣᠯ ᠤᠯᠤᠰ ᠲᠤ ᠮᠡᠳᠡᠭᠡᠯᠡᠯ ᠦᠨ ᠲᠧᠭᠨᠣᠯᠣᠭᠢ ᠶᠢᠨ ᠦᠢᠯᠡᠳᠪᠦᠷᠢᠯᠡᠯ ᠦᠨ ᠲᠤᠰᠬᠠᠢ ᠪᠦᠰᠡ ᠪᠠᠶᠢᠭᠤᠯᠬᠤ᠂ ᠲᠤᠰ ᠪᠦᠰᠡ ᠳᠦ ᠦᠢᠯᠡ ᠠᠵᠢᠯᠯᠠᠭ᠎ᠠ ᠶᠠᠪᠤᠭᠤᠯᠬᠤ ᠲᠠᠢ ᠬᠣᠯᠪᠣᠭ᠎ᠠ ᠲᠠᠢ ᠬᠠᠷᠢᠯᠴᠠᠭ᠎ᠠ ᠶᠢ ᠵᠣᠬᠢᠴᠠᠭᠤᠯᠬᠤ ᠬᠠᠤᠯᠢ ᠶᠢ ᠬᠡᠯᠡᠯᠴᠡᠭᠦᠯᠬᠦ  ᠶᠤᠮ᠃
ᠮᠣᠩᠭᠣᠯ ᠤᠯᠤᠰ ᠲᠤ ᠮᠡᠳᠡᠭᠡᠯᠡᠯ ᠦᠨ ᠲᠧᠭᠨᠣᠯᠣᠭᠢ ᠶᠢᠨ ᠭᠠᠷᠤᠭᠠᠨ ᠤ ᠪᠢᠽᠢᠨᠧᠰ ᠦᠨ ᠡᠳ᠋  ᠦᠨ ᠵᠠᠰᠠᠭ ᠤᠨ ᠴᠢᠯᠦᠭᠡᠲᠦ ᠪᠥᠰᠡ ᠪᠠᠶᠢᠭᠤᠯᠬᠤ ᠲᠤᠬᠠᠢ ᠬᠠᠤᠯᠢ ᠶᠢᠨ ᠲᠥᠰᠥᠯ ᠢ ᠤᠯᠤᠰ ᠤᠨ ᠶᠡᠬᠡ ᠬᠤᠷᠠᠯ ᠤᠨ ᠭᠡᠰᠢᠭᠦᠨ ᠨ ∙ ᠤᠴᠠᠷᠠᠯ᠂ ᠳ ∙ ᠴᠣᠭᠲᠤᠪᠠᠭᠠᠲᠤᠷ ᠨᠠᠷ ᠰᠠᠨᠠᠭᠠᠴᠢᠯᠠᠨ ᠵᠠᠰᠠᠭ ᠤᠨ ᠭᠠᠵᠠᠷ ᠠᠴᠠ ᠰᠠᠨᠠᠯ ᠠᠪᠬᠤ ᠪᠠᠷ ᠬᠦᠷᠭᠡᠭᠦᠯᠦᠭᠡᠳ ᠪᠤᠢ᠃

ᠰᠡᠳᠬᠢᠭᠳᠡᠯ ᠦᠯᠡᠳᠡᠭᠡᠬᠦ