ᠴᠡᠷᠢᠭ ᠦᠨ ᠲᠧᠭᠨᠢᠭ ᠬᠡᠷᠡᠭᠰᠡᠯ ᠢ ᠬᠢᠯᠢ ᠪᠡᠷ ᠰᠠᠭᠠᠳ ᠦᠭᠡᠢ ᠨᠡᠪᠲᠡᠷᠡᠭᠦᠯᠳᠡᠭ ᠪᠣᠯᠤᠨ᠎ᠠ | News.MN

ᠴᠡᠷᠢᠭ ᠦᠨ ᠲᠧᠭᠨᠢᠭ ᠬᠡᠷᠡᠭᠰᠡᠯ ᠢ ᠬᠢᠯᠢ ᠪᠡᠷ ᠰᠠᠭᠠᠳ ᠦᠭᠡᠢ ᠨᠡᠪᠲᠡᠷᠡᠭᠦᠯᠳᠡᠭ ᠪᠣᠯᠤᠨ᠎ᠠ

ᠪᠠᠲᠤᠯᠠᠨ ᠬᠠᠮᠠᠭᠠᠯᠠᠬᠤ ᠶᠢᠨ ᠰᠠᠶᠢᠳ ᠠᠰᠠᠨ ᠨ ∙ ᠡᠩᠬᠡᠪᠣᠯᠤᠳ ᠲᠡᠷᠢᠭᠦᠲᠡᠢ ᠤᠯᠤᠰ ᠤᠨ ᠶᠡᠬᠡ ᠬᠤᠷᠠᠯ ᠤᠨ ᠭᠡᠰᠢᠭᠦᠳ ︽ᠭᠠᠶᠢᠯᠢ ᠶᠢᠨ ᠲᠤᠬᠠᠢ︾ᠬᠠᠤᠯᠢ ᠳᠤ ᠨᠡᠮᠡᠯᠲᠡ ᠥᠭᠡᠷᠡᠴᠢᠯᠡᠯᠲᠡ ᠤᠷᠤᠭᠤᠯᠬᠤ ᠬᠠᠤᠯᠢ ᠶᠢᠨ ᠲᠥᠰᠥᠯ ᠰᠠᠨᠠᠭᠠᠴᠢᠯᠠᠵᠠᠢ᠃ ᠬᠠᠤᠯᠢ ᠶᠢᠨ ᠲᠥᠰᠥᠯ ᠦᠨ ᠠᠭᠤᠯᠭ᠎ᠠ ᠨᠢ ᠴᠡᠷᠢᠭ ᠦᠨ ᠵᠣᠷᠢᠭᠤᠯᠤᠯᠲᠠ ᠲᠠᠢ ᠲᠧᠭᠨᠢᠭ ᠬᠡᠷᠡᠭᠰᠡᠯ ᠢ ᠤᠯᠤᠰ ᠤᠨ ᠬᠢᠯᠢ ᠪᠡᠷ ᠰᠠᠭᠠᠳ ᠦᠭᠡᠢ ᠨᠡᠪᠲᠡᠷᠡᠭᠦᠯᠬᠦ ᠶᠤᠮ ᠪᠠᠶᠢᠨ᠎ᠠ᠃
ᠪᠤᠴᠠᠯᠲᠠ ᠦᠭᠡᠢ ᠲᠤᠰᠠᠯᠠᠮᠵᠢ ᠪᠠᠷ ᠨᠡᠢᠯᠡᠭᠦᠯᠦᠭᠳᠡᠭᠰᠡᠨ ᠪᠠᠲᠤᠯᠠᠨ ᠬᠠᠮᠠᠭᠠᠯᠠᠬᠤ ᠵᠣᠷᠢᠭᠤᠯᠤᠯᠲᠠ ᠶᠢᠨ ᠪᠠᠷᠠᠭ᠎ᠠ ᠮᠠᠲ᠋ᠧᠷᠢᠶᠠᠯ ᠢ ᠭᠠᠶᠢᠯᠢ ᠶᠢᠨ ᠪᠣᠯᠤᠨ ᠨᠡᠮᠡᠭᠳᠡᠭᠰᠡᠨ ᠥᠷᠲᠡᠭ ᠦᠨ ᠠᠯᠪᠠᠨ ᠲᠠᠲᠠᠪᠤᠷᠢ ᠠᠴᠠ ᠴᠢᠯᠦᠭᠡᠯᠡᠬᠦ ᠵᠥᠪᠰᠢᠶᠡᠷᠡᠯ ᠠᠪᠬᠤ ᠳᠤ ᠣᠯᠠᠨ ᠬᠣᠨᠣᠭ ᠵᠠᠷᠤᠴᠠᠭᠤᠯᠳᠠᠭ ᠡᠴᠡ  ᠪᠣᠯᠵᠤ᠂ ᠪᠤᠴᠠᠯᠲᠠ ᠦᠭᠡᠢ ᠲᠤᠰᠠᠯᠠᠮᠵᠢ ᠶᠢᠨ ᠪᠠᠷᠠᠭ᠎ᠠ᠂ ᠮᠠᠲ᠋ᠧᠷᠢᠶᠠᠯ︵ᠵᠡᠪᠰᠡᠭ ᠲᠧᠭᠨᠢᠭ᠂ ᠰᠤᠮᠤ ᠭᠠᠯᠲᠤ ᠬᠡᠷᠡᠭᠯᠡᠯ᠂ ᠪᠤᠰᠤᠳ ᠲᠥᠷᠥᠯ ᠦᠨ ᠠᠷᠤ ᠲᠠᠯ᠎ᠠ ᠬᠠᠩᠭᠠᠯᠲᠠ ᠶᠢᠨ ᠮᠠᠲ᠋ᠧᠷᠢᠶᠠᠯ︶  ᠢ ᠲᠡᠭᠡᠭᠡᠪᠦᠷᠢᠯᠡᠨ ᠢᠷᠡᠭᠰᠡᠨ ᠲᠧᠭᠨᠢᠭ ᠸᠠᠭᠣᠨ᠂ ᠣᠩᠭᠣᠴᠠ᠂ ᠠᠦ᠋ᠲ᠋ᠣ᠋ ᠮᠠᠰᠢᠨ ᠭᠠᠶᠢᠯᠢ ᠶᠢᠨ ᠬᠢᠨᠠᠯᠲᠠ ᠶᠢᠨ ᠪᠥᠰᠡ ᠳᠦ ᠤᠳᠠᠭᠠᠨ ᠬᠤᠭᠤᠴᠠᠭ᠎ᠠ ᠪᠠᠷ ᠬᠦᠯᠢᠶᠡᠯᠭᠡ ᠳᠦ ᠵᠣᠭᠰᠣᠵᠤ᠂ ᠣᠯᠠᠨ ᠲᠠᠯ᠎ᠠ ᠣᠷᠣᠯᠴᠠᠭᠰᠠᠨ᠂ ᠲᠥᠯᠥᠪᠯᠡᠭᠰᠡᠨ ᠠᠵᠢᠯ ᠤᠳ ᠬᠤᠶᠢᠰᠢᠯᠠᠬᠤ᠂ ᠰᠠᠭᠠᠲᠠᠬᠤ᠂ ᠲᠥᠯᠥᠪᠯᠡᠭᠳᠡᠭᠡ ᠦᠭᠡᠢ ᠵᠠᠷᠤᠳᠠᠯ ᠭᠠᠷᠬᠤ᠂  ᠪᠠᠷᠠᠭ᠎ᠠ ᠮᠠᠲ᠋ᠧᠷᠢᠶᠠᠯ ᠤᠨ ᠬᠠᠳᠠᠭᠠᠯᠠᠯᠲᠠ ᠶᠢᠨ ᠭᠣᠷᠢᠮ ᠠᠯᠳᠠᠭᠳᠠᠬᠤ᠂ ᠲᠥᠰᠥᠯ᠂ ᠠᠷᠭ᠎ᠠ ᠬᠡᠮᠵᠢᠶᠡᠨ ᠦ ᠲᠥᠯᠥᠪᠯᠡᠯᠲᠡ ᠴᠤᠴᠠᠯᠠᠭᠳᠠᠬᠤ ᠵᠡᠷᠭᠡ ᠬᠦᠨᠳᠦᠷᠡᠯ ᠡᠭᠦᠰᠳᠡᠭ ᠪᠠᠶᠢᠨ᠎ᠠ᠃ ᠮᠥᠨ ᠮᠠᠨ ᠤ ᠤᠯᠤᠰ ᠣᠯᠠᠨ ᠤᠯᠤᠰ ᠤᠨ ᠴᠢᠨᠠᠷᠲᠠᠢ ᠴᠡᠷᠢᠭ ᠦᠨ ᠬᠡᠭᠡᠷ᠎ᠡ ᠶᠢᠨ ᠰᠤᠷᠭᠠᠭᠤᠯᠢᠯᠲᠠ ᠳᠠᠳᠤᠯᠭ᠎ᠠ ᠶᠢ ᠰᠡᠭᠦᠯ ᠦᠨ 20 ᠭᠠᠷᠤᠢ ᠵᠢᠯ ᠦᠨ ᠬᠤᠭᠤᠴᠠᠭᠠᠨ ᠳᠤ ᠨᠤᠲᠤᠭ ᠲᠤ ᠪᠠᠨ ᠲᠣᠭᠲᠠᠮᠠᠯ ᠵᠣᠬᠢᠶᠠᠨ ᠪᠠᠶᠢᠭᠤᠯᠵᠠᠢ᠃ ᠡᠳᠡᠭᠡᠷ ᠬᠡᠭᠡᠷ᠎ᠡ ᠶᠢᠨ ᠰᠤᠷᠭᠠᠭᠤᠯᠢᠯᠲᠠ᠂ ᠳᠠᠳᠤᠯᠭ᠎ᠠ ᠳᠤ ᠣᠷᠣᠯᠴᠠᠬᠤ ᠪᠠᠷ ᠢᠷᠡᠭᠰᠡᠨ ᠤᠯᠤᠰ ᠣᠷᠣᠨ ᠨᠤᠭᠤᠳ ᠤᠨ ᠲᠧᠭᠨᠢᠭ᠂ ᠲᠣᠨᠣᠭ ᠲᠥᠬᠥᠭᠡᠷᠦᠮᠵᠢ ᠶᠢ ᠤᠯᠤᠰ ᠤᠨ ᠬᠢᠯᠢ ᠪᠡᠷ ᠨᠡᠪᠲᠡᠷᠡᠭᠦᠯᠬᠦ ᠳᠦ ᠬᠦᠨᠳᠦᠷᠡᠯ ᠡᠭᠦᠰᠴᠦ᠂ ᠬᠤᠭᠤᠴᠠᠭ᠎ᠠ ᠠᠯᠳᠠᠳᠠᠭ ᠪᠠᠶᠢᠨ᠎ᠠ᠃ ᠤᠳᠠᠬᠤ ᠦᠭᠡᠢ ᠬᠢᠲᠠᠳ ᠂ ᠣᠷᠣᠰ ᠂ ᠴᠸᠬᠤ᠋ ᠠᠴᠠ 40 ᠣᠷᠴᠢᠮ ᠲᠡᠷᠪᠤᠮ ᠲᠥᠭᠥᠷᠢᠭ ᠦᠨ ᠰᠤᠮᠤ᠂ ᠭᠠᠯᠲᠤ ᠬᠡᠷᠡᠭᠯᠡᠯ᠂ ᠲᠧᠭᠨᠢᠭ ᠬᠡᠷᠡᠭᠰᠡᠯ ᠠᠪᠬᠤ ᠪᠠᠷ ᠪᠣᠯᠵᠠᠢ᠃

ᠮᠠᠨ ᠤ ᠤᠯᠤᠰ ᠲᠤ ᠵᠣᠬᠢᠶᠠᠨ ᠪᠠᠶᠢᠭᠤᠯᠵᠤ ᠪᠤᠢ ᠴᠡᠷᠢᠭ ᠦᠨ ᠰᠤᠷᠭᠠᠭᠤᠯᠢᠯᠲᠠ ᠳᠤ ᠣᠷᠣᠯᠴᠠᠬᠤ ᠪᠠᠷ ᠢᠷᠡᠭᠰᠡᠨ ᠤᠯᠤᠰ ᠣᠷᠣᠨ ᠨᠤᠭᠤᠳ ᠤᠨ ᠲᠧᠭᠨᠢᠭ ᠬᠡᠷᠡᠭᠰᠡᠯ ᠢ ᠬᠢᠯᠢ ᠪᠡᠷ ᠨᠡᠪᠲᠡᠷᠡᠭᠦᠯᠦᠭᠡᠳ ᠪᠤᠴᠠᠭᠠᠬᠤ ᠶᠢᠨ ᠲᠤᠯᠠᠳᠠ ᠲᠥᠷᠥ ᠶᠢᠨ ᠰᠠᠩ ᠤᠨ ᠲᠤᠰᠬᠠᠢ ᠳᠠᠩᠰᠠᠨ ᠳᠤ ᠲᠦᠷ ᠮᠥᠩᠭᠥᠨ ᠬᠥᠷᠥᠩᠭᠡ ᠪᠠᠶᠢᠷᠢᠯᠠᠭᠤᠯᠬᠤ ᠶᠢ ᠱᠠᠭᠠᠷᠳᠠᠳᠠᠭ ᠃ ᠲᠤᠬᠠᠶᠢᠯᠠᠪᠠᠯ᠂ 2021 ᠣᠨ ᠳᠤ ᠵᠣᠬᠢᠶᠠᠨ ᠪᠠᠶᠢᠭᠤᠯᠤᠭᠳᠠᠭᠰᠠᠨ ᠮᠣᠩᠭᠣᠯ᠂ ᠣᠷᠣᠰ  ᠤᠨ ᠬᠠᠮᠲᠤᠷᠠᠨ ᠵᠣᠬᠢᠶᠠᠨ ᠪᠠᠶᠢᠭᠤᠯᠤᠭᠰᠠᠨ 《ᠰᠡᠯᠡᠩᠭᠡ-2021》 ᠴᠡᠷᠢᠭ ᠦᠨ ᠬᠡᠭᠡᠷ᠎ᠡ ᠶᠢᠨ ᠰᠤᠷᠭᠠᠭᠤᠯᠢ ᠳᠤ ᠣᠷᠣᠯᠴᠠᠭᠰᠠᠨ ᠣᠷᠣᠰ  ᠤᠨ ᠲᠧᠭᠨᠢᠭ ᠬᠡᠷᠡᠭᠰᠡᠯ ᠢ ᠬᠢᠯᠢ ᠪᠡᠷ ᠨᠡᠪᠲᠡᠷᠡᠭᠦᠯᠬᠦ ᠶᠢᠨ ᠲᠤᠯᠠᠳᠠ 600 ᠰᠠᠶ᠎ᠠ ᠲᠥᠭᠥᠷᠢᠭ ᠢ ᠲᠥᠷᠥ ᠶᠢᠨ ᠰᠠᠩ ᠤᠨ ᠲᠤᠰᠬᠠᠢ ᠳᠠᠩᠰᠠᠨ ᠳᠤ ᠪᠠᠶᠢᠷᠢᠰᠢᠭᠤᠯᠬᠤ ᠱᠠᠭᠠᠷᠳᠠᠯᠭ᠎ᠠ ᠲᠠᠢ ᠪᠤᠯᠵᠤ ᠪᠠᠢᠪᠠ᠃ ᠲᠡᠶᠢᠮᠦ ᠡᠴᠡ ᠬᠠᠤᠯᠢ  ᠰᠠᠨᠠᠭᠠᠴᠢᠯᠠᠭᠰᠠᠳ︽ᠭᠠᠶᠢᠯᠢ ᠶᠢᠨ ᠲᠤᠬᠠᠢ︾ ᠬᠠᠤᠯᠢ ᠳᠤ ᠨᠡᠮᠡᠯᠲᠡ ᠥᠭᠡᠷᠡᠴᠢᠯᠡᠯᠲᠡ ᠣᠷᠣᠭᠤᠯᠵᠤ ᠳᠡᠭᠡᠷᠡᠬᠢ ᠬᠦᠨᠳᠦᠷᠡᠯ ᠢ ᠠᠷᠢᠯᠭᠠᠬᠤ ᠨᠢ ᠵᠦᠢᠲᠡᠢ ᠭᠡᠵᠦ ᠦᠵᠡᠵᠡᠢ᠃ ᠤᠭ ᠬᠠᠤᠯᠢ ᠶᠢᠨ ᠲᠥᠰᠥᠯ ᠢ ᠬᠠᠪᠤᠷ ᠤᠨ ᠴᠢᠭᠤᠯᠭᠠᠨ ᠢᠶᠠᠷ ᠬᠡᠯᠡᠯᠴᠡᠬᠦ ᠪᠣᠯᠤᠯᠲᠠᠢ᠃

ᠰᠡᠳᠬᠢᠭᠳᠡᠯ ᠦᠯᠡᠳᠡᠭᠡᠬᠦ