ᠺᠢᠨᠣ᠋ ᠰᠲ᠋ᠤᠳᠢ ᠪᠠᠶᠢᠭᠤᠯᠬᠤ ᠳᠤ ᠬᠠᠩᠭᠠᠷᠢ ᠤᠯᠤᠰ ᠲᠠᠢ ᠬᠠᠮᠲᠤᠷᠠᠨ ᠠᠵᠢᠯᠯᠠᠨ᠎ᠠ | News.MN

ᠺᠢᠨᠣ᠋ ᠰᠲ᠋ᠤᠳᠢ ᠪᠠᠶᠢᠭᠤᠯᠬᠤ ᠳᠤ ᠬᠠᠩᠭᠠᠷᠢ ᠤᠯᠤᠰ ᠲᠠᠢ ᠬᠠᠮᠲᠤᠷᠠᠨ ᠠᠵᠢᠯᠯᠠᠨ᠎ᠠ

ᠮᠣᠩᠭᠣᠯ ᠪᠣᠯᠤᠨ ᠬᠠᠩᠭᠠᠷᠢ ᠤᠯᠤᠰ ᠤᠨ ᠵᠠᠰᠠᠭ ᠤᠨ ᠭᠠᠵᠠᠷ ᠬᠣᠭᠣᠷᠣᠨᠳᠣ ᠶᠢᠨ ᠺᠣᠮᠢᠰ ᠤᠨ ᠳᠣᠯᠣᠳᠤᠭᠠᠷ ᠬᠤᠷᠠᠯᠳᠤᠭᠠᠨ ᠥᠨᠥᠳᠥᠷ ᠪᠣᠯᠵᠤ᠂ 《ᠺᠢᠨᠣ᠋ ᠰᠲ᠋ᠤᠳᠢ᠂ ᠺᠢᠨᠣ᠋ ᠰᠤᠷᠭᠠᠯᠲᠠ᠂ ᠺᠢᠨᠣ᠋ ᠬᠠᠮᠲᠤᠷᠠᠨ ᠪᠦᠲᠦᠭᠡᠬᠦ ᠲᠤᠬᠠᠢ ᠮᠣᠩᠭᠣᠯ ᠤᠯᠤᠰ ᠤᠨ ᠰᠤᠶᠤᠯ ᠤᠨ ᠶᠠᠮᠤᠨ᠂ ᠬᠠᠩᠭᠠᠷᠢ ᠤᠯᠤᠰ ᠤᠨ ᠬᠦᠮᠦᠨ ᠦ ᠬᠥᠭᠵᠢᠯ ᠦᠨ ᠶᠠᠮᠤᠨ ᠬᠣᠭᠣᠷᠣᠨᠳᠣ ᠶᠢᠨ ᠬᠠᠷᠢᠯᠴᠠᠨ ᠣᠶᠢᠯᠠᠭᠠᠯᠴᠠᠯ ᠤᠨ ᠰᠠᠨᠠᠮᠵᠢ ᠪᠢᠴᠢᠭ》 ᠢ ᠪᠠᠢᠭᠤᠯᠵᠤ᠂ ᠰᠤᠶᠤᠯ ᠤᠨ ᠰᠠᠶᠢᠳ ᠴ ∙ ᠨᠣᠮᠢᠨ᠂  ᠬᠠᠩᠭᠠᠷᠢ ᠤᠯᠤᠰ ᠠᠴᠠ ᠮᠣᠩᠭᠣᠯ ᠤᠯᠤᠰ ᠲᠤ ᠰᠠᠭᠤᠭ᠎ᠠ ᠣᠨᠴᠠ ᠪᠥᠭᠡᠳ ᠪᠦᠷᠢᠨ ᠡᠷᠬᠡᠲᠦ ᠡᠯᠴᠢᠨ ᠰᠠᠶᠢᠳ ᠪᠤᠷᠪᠠᠯᠠ ᠠᠨᠠ  ᠤᠪᠷᠤᠱᠠᠨᠰᠺᠢ ᠨᠠᠷ ᠭᠠᠷ ᠤᠨ ᠦᠰᠦᠭ ᠵᠢᠷᠤᠪᠠ᠃
ᠡᠨᠡ ᠬᠦ ᠰᠠᠨᠠᠮᠵᠢ ᠪᠢᠴᠢᠭ ᠦᠨ ᠬᠦᠷᠢᠶᠡᠨ ᠳᠦ ᠮᠣᠩᠭᠣᠯ᠂ ᠬᠠᠩᠭᠠᠷᠢ ᠶᠢᠨ ᠺᠢᠨᠣ᠋ ᠤᠷᠠᠯᠢᠭ ᠤᠨ ᠰᠠᠯᠪᠤᠷᠢ ᠶᠢ ᠬᠥᠭᠵᠢᠭᠦᠯᠬᠦ ᠴᠢᠭᠯᠡᠯ ᠢᠶᠡᠷ ᠣᠯᠠᠨ ᠲᠠᠯᠠᠲᠤ ᠬᠠᠮᠲᠤ ᠶᠢᠨ ᠠᠵᠢᠯᠯᠠᠭ᠎ᠠ ᠶᠢ ᠬᠡᠷᠡᠭᠵᠢᠭᠦᠯᠬᠦ ᠪᠡᠷ ᠲᠣᠬᠢᠷᠠᠯᠴᠠᠵᠠᠢ᠃ ᠲᠤᠬᠠᠶᠢᠯᠠᠪᠠᠯ᠂ ᠮᠣᠩᠭᠣᠯ ᠤᠯᠤᠰ ᠲᠤ ᠣᠯᠠᠨ ᠤᠯᠤᠰ ᠤᠨ ᠰᠲ᠋ᠠᠨᠳᠠᠷᠲ ᠲᠤ ᠨᠡᠶᠢᠴᠡᠭᠰᠡᠨ ᠠᠩᠬᠠᠨ ᠤ ᠺᠢᠨᠣ᠋ ᠰᠲ᠋ᠤᠳᠢ ᠪᠠᠶᠢᠭᠤᠯᠬᠤ ᠴᠢᠭᠯᠡᠯ ᠢᠶᠡᠷ ᠬᠠᠮᠲᠤᠷᠠᠨ ᠠᠵᠢᠯᠯᠠᠵᠤ᠂ ᠮᠡᠷᠭᠡᠵᠢᠯ ᠦᠨ ᠺᠢᠨᠣ᠋ ᠰᠲ᠋ᠤᠳᠢ ᠂ ᠬᠠᠮᠲᠤᠷᠠᠭᠰᠠᠨ ᠪᠦᠲᠦᠭᠡᠯ ᠢ ᠰᠢᠨ᠎ᠡ ᠲᠦᠪᠰᠢᠨ ᠳᠦ ᠬᠦᠷᠭᠡᠬᠦ᠂ ᠬᠣᠶᠠᠷ ᠣᠷᠣᠨ ᠤ ᠺᠢᠨᠣ᠋ ᠦᠢᠯᠡᠳᠪᠦᠷᠢᠯᠡᠭᠴᠢᠳ᠂ ᠫᠷᠣᠳᠢᠶᠦ᠋ᠰᠧᠷ ᠤᠳ ᠪᠣᠯᠤᠨ ᠰᠠᠯᠪᠤᠷᠢ ᠶᠢᠨ ᠪᠤᠰᠤᠳ ᠮᠡᠷᠭᠡᠵᠢᠯᠲᠡᠳ ᠦᠨ ᠠᠭᠤᠯᠵᠠᠯᠲᠠ ᠶᠢ ᠲᠣᠭᠲᠠᠮᠠᠯ ᠵᠣᠬᠢᠶᠠᠨ ᠪᠠᠶᠢᠭᠤᠯᠬᠤ ᠪᠠᠷ ᠲᠣᠬᠢᠷᠠᠯᠴᠠᠪᠠ᠃

ᠰᠡᠳᠬᠢᠭᠳᠡᠯ ᠦᠯᠡᠳᠡᠭᠡᠬᠦ