ᠨᠡᠶᠢᠰᠯᠡᠯ ᠳᠦ ᠬᠢᠬᠦ ᠪᠦᠲᠦᠭᠡᠨ ᠪᠠᠶᠢᠭᠤᠯᠤᠯᠲᠠ ᠶᠢᠨ ᠪᠡᠯᠡᠳᠬᠡᠯ᠂ ᠵᠣᠬᠢᠶᠠᠨ ᠪᠠᠶᠢᠭᠤᠯᠤᠯᠲᠠ ᠶᠢᠨ ᠶᠠᠪᠤᠴᠠ ᠶᠢᠨ ᠲᠠᠯ᠎ᠠ ᠪᠠᠷ ᠨᠡᠶᠢᠰᠯᠡᠯ ᠦᠨ ᠬᠤᠳᠠᠯᠳᠤᠨ ᠠᠪᠬᠤ ᠠᠵᠢᠯᠯᠠᠭᠠᠨ ᠤ ᠭᠠᠵᠠᠷ ᠤᠨ ᠳᠠᠷᠤᠭ᠎ᠠ ᠶᠢᠨ ᠡᠭᠦᠷᠭᠡ ᠶᠢ ᠲᠦᠷ ᠣᠷᠣᠯᠠᠨ ᠭᠦᠢᠴᠡᠳᠬᠡᠭᠴᠢ ᠭ ∙ ᠡᠩᠬᠡᠲᠠᠶᠢᠪᠤᠩ ᠲᠠᠨᠢᠯᠴᠠᠭᠤᠯᠤᠯ᠎ᠠ᠃
-ᠨᠡᠶᠢᠲᠡ ᠳᠦ ᠪᠡᠨ ᠨᠡᠶᠢᠰᠯᠡᠯ ᠦᠨ ᠵᠠᠰᠠᠭ ᠳᠠᠷᠤᠭ᠎ᠠ ᠶᠢᠨ ᠠᠷᠪᠠᠨ ᠤᠳᠠᠭ᠎ᠠ ᠶᠢᠨ ᠵᠠᠬᠢᠷᠤᠮᠵᠢ ᠪᠠᠷ 105 ᠲᠥᠰᠥᠯ᠂ ᠠᠷᠭ᠎ᠠ ᠬᠡᠮᠵᠢᠶ᠎ᠡ ᠨᠡᠶᠢᠰᠯᠡᠯ ᠦᠨ ᠬᠤᠳᠠᠯᠳᠤᠨ ᠠᠪᠬᠤ ᠠᠵᠢᠯᠯᠠᠭᠠᠨ ᠤ ᠭᠠᠵᠠᠷ ᠲᠤ ᠡᠷᠬᠡ ᠰᠢᠯᠵᠢᠵᠦ ᠢᠷᠡᠭᠰᠡᠨ᠃ ᠡᠭᠦᠨ ᠡᠴᠡ ᠤᠯᠤᠰ ᠤᠨ ᠲᠥᠰᠥᠪ ᠦᠨ ᠬᠥᠷᠥᠩᠭᠡ ᠣᠷᠣᠭᠤᠯᠤᠯᠲᠠ ᠪᠠᠷ ᠬᠡᠷᠡᠭᠵᠢᠬᠦ 32 ᠲᠥᠰᠥᠯ᠂ ᠠᠷᠭ᠎ᠠ ᠬᠡᠮᠵᠢᠶ᠎ᠡ᠂ ᠨᠡᠶᠢᠰᠯᠡᠯ ᠦᠨ ᠲᠥᠰᠥᠪ᠂ ᠨᠡᠶᠢᠰᠯᠡᠯ ᠦᠨ ᠣᠷᠣᠨ ᠨᠤᠲᠤᠭ ᠤᠨ ᠰᠠᠩ ᠤᠨ ᠬᠥᠷᠥᠩᠭᠡ ᠪᠣᠯᠤᠨ ᠨᠡᠶᠢᠰᠯᠡᠯ ᠦᠨ ᠠᠦ᠋ᠲ᠋ᠣ᠋ ᠵᠠᠮ ᠤᠨ ᠰᠠᠩ ᠤᠨ ᠬᠥᠷᠥᠩᠭᠡ ᠣᠷᠣᠭᠤᠯᠤᠯᠲᠠ ᠪᠠᠷ ᠬᠡᠷᠡᠭᠵᠢᠬᠦ 73 ᠠᠵᠢᠯ ᠪᠠᠶᠢᠨ᠎ᠠ᠃
ᠡᠳᠡᠭᠡᠷ ᠡᠴᠡ ᠤᠯᠤᠰ ᠤᠨ ᠲᠥᠰᠥᠪ ᠦᠨ ᠬᠥᠷᠥᠩᠭᠡ ᠣᠷᠣᠭᠤᠯᠤᠯᠲᠠ ᠶᠢ ᠠᠩᠭᠢᠯᠠᠵᠤ ᠦᠵᠡᠪᠡᠯ᠂ ᠪᠠᠷᠢᠯᠭ᠎ᠠ ᠬᠣᠲᠠ ᠪᠠᠶᠢᠭᠤᠯᠤᠯᠲᠠ ᠶᠢᠨ ᠶᠠᠮᠤᠨ ᠠᠴᠠ 17᠂ ᠪᠣᠯᠪᠠᠰᠤᠷᠠᠯ᠂ ᠰᠢᠨᠵᠢᠯᠡᠬᠦ ᠤᠬᠠᠭᠠᠨ ᠤ ᠶᠠᠮᠤᠨ ᠠᠴᠠ 13᠂ ᠡᠷᠡᠭᠦᠯ ᠮᠡᠨᠳᠦ ᠶᠢᠨ ᠶᠠᠮᠤᠨ ᠠᠴᠠ ᠬᠣᠶᠠᠷ ᠠᠵᠢᠯ ᠰᠢᠯᠵᠢᠵᠦ ᠢᠷᠡᠭᠰᠡᠨ᠃ ᠨᠡᠶᠢᠰᠯᠡᠯ ᠦᠨ ᠣᠷᠣᠨ ᠨᠤᠲᠤᠭ ᠤᠨ ᠰᠠᠩ ᠤᠨ ᠬᠥᠷᠥᠩᠭᠡ᠂ ᠨᠡᠶᠢᠰᠯᠡᠯ ᠦᠨ ᠠᠦ᠋ᠲ᠋ᠣ᠋ ᠵᠠᠮ ᠤᠨ ᠰᠠᠩ ᠤᠨ ᠬᠥᠷᠥᠩᠭᠡ ᠣᠷᠣᠭᠤᠯᠤᠯᠲᠠ ᠪᠠᠷ ᠬᠡᠷᠡᠭᠵᠢᠬᠦ 73 ᠠᠵᠢᠯ ᠤᠨ 22 ᠨᠢ ᠲᠧᠨᠳᠧᠷ ᠵᠠᠷᠯᠠᠬᠤ ᠬᠡᠮᠵᠢᠶᠡᠨ ᠳᠦ ᠪᠡᠯᠡᠳᠬᠡᠯ ᠬᠠᠩᠭᠠᠭᠰᠠᠨ ᠭᠡᠯᠡ᠃