ᠲᠤᠤᠺᠢᠣ᠋ ᠬᠤᠲᠠ ᠶᠢᠨ ᠵᠠᠬᠢᠷᠤᠭᠴᠢ ᠲᠠᠢ ᠬᠠᠷᠢᠯᠴᠠᠨ ᠣᠶᠢᠯᠠᠭᠠᠯᠴᠠᠯ ᠤᠨ ᠰᠠᠨᠠᠮᠵᠢ ᠪᠢᠴᠢᠭ ᠪᠠᠶᠢᠭᠤᠯᠤᠨ᠎ᠠ | News.MN

ᠲᠤᠤᠺᠢᠣ᠋ ᠬᠤᠲᠠ ᠶᠢᠨ ᠵᠠᠬᠢᠷᠤᠭᠴᠢ ᠲᠠᠢ ᠬᠠᠷᠢᠯᠴᠠᠨ ᠣᠶᠢᠯᠠᠭᠠᠯᠴᠠᠯ ᠤᠨ ᠰᠠᠨᠠᠮᠵᠢ ᠪᠢᠴᠢᠭ ᠪᠠᠶᠢᠭᠤᠯᠤᠨ᠎ᠠ

ᠮᠣᠩᠭᠤᠯ᠂ ᠶᠠᠫᠤᠨ ᠤᠯᠤᠰ ᠤᠨ ᠬᠤᠭᠤᠷᠦᠡᠳᠦ ᠳ᠋ᠢᠫᠯᠤᠮᠠᠲ ᠬᠠᠷᠢᠯᠴᠠᠭ᠎ᠠ ᠲᠣᠭᠲᠠᠭᠠᠭᠰᠠᠨ ᠤ 50 ᠵᠢᠯ ᠤᠨ ᠣᠶ ᠥᠴᠥᠭᠡᠳᠦᠷ ᠲᠣᠬᠢᠶᠠᠪᠠ᠃ ᠲᠡᠦᠬᠡᠲᠦ ᠣᠢ  ᠶᠢᠨ ᠡᠳᠦᠷ ᠲᠤᠤᠺᠢᠣ᠋ ᠬᠤᠲᠠ ᠶᠢᠨ ᠵᠠᠬᠢᠷᠤᠭᠴᠢ ᠶᠤᠷᠢᠺᠤ ᠺᠤᠢᠺᠸ ᠨᠡᠶᠢᠰᠯᠡᠯ ᠤᠨ ᠵᠠᠰᠠᠭ ᠳᠠᠷᠤᠭ᠎ᠠ ᠪᠥᠭᠡᠳ ᠤᠯᠠᠭᠠᠨᠪᠠᠭᠠᠲᠤᠷ ᠬᠤᠲᠠ ᠶᠢᠨ ᠵᠠᠬᠢᠷᠤᠭᠴᠢ ᠳ᠋᠊·ᠰᠤᠮᠢᠶᠠᠪᠠᠽᠠᠷ ᠲᠤ ᠬᠠᠷᠢᠭᠤ ᠵᠡᠬᠢᠳᠡᠯ ᠢᠯᠡᠭᠡᠯ᠎ᠡ᠃ ᠲᠡᠷᠡ ᠪᠠᠷ ᠵᠠᠬᠢᠳᠠᠯ ᠳᠠᠭᠠᠨ᠄ ᠨᠡᠶᠢᠰᠯᠡᠯ ᠤᠨ ᠵᠠᠰᠠᠭ ᠳᠠᠷᠤᠭ᠎ᠠ ᠪᠥᠭᠡᠳ ᠤᠯᠠᠭᠠᠨᠪᠠᠭᠠᠲᠤᠷ ᠬᠤᠲᠠ ᠶᠢᠨ ᠵᠠᠬᠢᠷᠤᠭᠴᠢ᠂ ᠬᠦᠨᠳᠦᠲᠦ ᠳ᠋᠊·ᠰᠤᠮᠢᠶᠠᠪᠠᠽᠠᠷ ᠲᠠᠨ᠎ᠠ᠄
ᠮᠣᠩᠭᠤᠯ  ᠤᠯᠤᠰ᠂ ᠶᠠᠫᠤᠨ ᠤᠯᠤᠰ ᠤᠨ ᠬᠤᠭᠤᠷᠦᠡᠳᠦ ᠳ᠋ᠢᠫᠯᠤᠮᠠᠲ ᠬᠠᠷᠢᠯᠴᠠᠭ᠎ᠠ ᠲᠣᠭᠲᠠᠭᠠᠭᠰᠠᠨ ᠤ 50 ᠵᠢᠯ ᠤᠨ ᠣᠢ ᠶᠢ ᠤᠭᠲᠤᠵᠤ ᠵᠡᠬᠢᠳᠡᠯ ᠢᠯᠡᠭᠡᠭᠰᠡᠨ ᠳᠤ ᠭᠦᠨ᠎ᠡ ᠲᠠᠯᠠᠷᠬᠠᠵᠤ ᠪᠠᠶᠢᠨ᠎ᠡ᠃ ᠲᠤᠤᠺᠢᠣ᠋᠂ ᠤᠯᠠᠭᠠᠨᠪᠠᠭᠠᠲᠤᠷ ᠬᠤᠲᠠ ᠪᠠᠶᠢᠭᠠᠯᠢ ᠣᠷᠴᠢᠨ᠂ ᠰᠫᠣᠷᠲ ᠵᠡᠷᠭᠡ ᠣᠯᠠᠨ ᠰᠠᠯᠪᠤᠷᠢ ᠳᠤ ᠬᠠᠮᠲᠤ ᠶᠢᠨ ᠠᠵᠢᠯᠯᠠᠭ᠎ᠠ ᠪᠠᠨ ᠥᠷᠭᠡᠵᠢᠭᠦᠯᠵᠦ ᠢᠷᠡᠭᠰᠡᠨ᠃ ᠲᠤᠤᠺᠢᠣ᠋ ᠬᠤᠲᠠ ᠬᠤᠶᠠᠷ ᠬᠤᠲᠠ ᠶᠢᠨ ᠨᠠᠶᠢᠷᠰᠠᠭ ᠬᠠᠮᠲᠤ ᠶᠢᠨ ᠠᠵᠢᠯᠯᠠᠭ᠎ᠠ ᠶᠢ ᠰᠢᠨ᠎ᠡ ᠱᠠᠲᠤᠨ ᠳᠤ ᠭᠠᠷᠭᠠᠬᠤ ᠵᠣᠷᠢᠯᠭ᠎ᠠ ᠪᠠᠷ ᠬᠠᠷᠢᠯᠴᠠᠨ ᠣᠶᠢᠯᠠᠭᠠᠯᠴᠠᠯ ᠤᠨ ᠰᠠᠨᠠᠮᠵᠢ ᠪᠢᠴᠢᠭ ᠪᠠᠶᠢᠭᠤᠯᠬᠤ ᠰᠠᠨᠠᠯ ᠢ ᠪᠦᠷᠢᠠ ᠳᠡᠮᠵᠢᠵᠦ ᠪᠤᠢ ᠪᠠᠨ ᠢᠯᠡᠷᠬᠡᠶᠢᠯᠡᠪᠡ᠃ ᠡᠨᠡ ᠬᠦ ᠰᠠᠨᠠᠮᠵᠢ ᠪᠢᠴᠢᠭ ᠢ ᠡᠨᠡ ᠵᠢᠯ ᠤᠨ ᠡᠴᠦᠰ ᠭᠡᠬᠦ ᠳᠤ ᠪᠠᠶᠢᠭᠤᠯᠬᠤ ᠪᠠᠷ ᠪᠡᠯᠡᠦᠡᠭᠡᠯ ᠠᠵᠢᠯ ᠢ ᠬᠠᠩᠭᠠᠬᠤ ᠪᠠᠨ ᠮᠡᠳᠡᠭᠳᠡᠶ᠎ᠡ᠃
ᠲᠤᠤᠺᠢᠣ᠋ ᠬᠤᠳᠠ  ᠴᠠᠷ᠎ᠠ  ᠲᠠᠬᠤᠯ ᠤᠨ ᠲᠡᠷᠡᠭᠠᠬᠢ ᠰᠡᠷᠭᠦᠯᠲᠡ ᠶᠢᠨ ᠲᠣᠭᠲᠠᠪᠤᠷᠢᠲᠠᠶ ᠬᠥᠭᠵᠢᠯ ᠤᠨ ᠪᠣᠳᠣᠯᠭ᠎ᠠ ᠶᠢ ᠴᠢᠬᠤᠯᠠᠴᠢᠯᠠᠵᠤ ᠪᠤᠶ᠃ ᠡᠶᠢᠮᠦ ᠳᠤ ᠬᠤᠲᠠ ᠶᠢᠨ ᠤᠳᠤᠷᠢᠳᠤᠯᠭ᠎ᠠ ᠨᠠᠷ ᠲᠣᠭᠲᠠᠪᠤᠷᠢᠲᠠᠶ ᠬᠥᠭᠵᠢᠵᠦ ᠪᠤᠶ ᠬᠤᠲᠠ ᠨᠤᠭᠤᠳ ᠢ ᠳᠡᠮᠵᠢᠵᠦ᠂  ᠴᠠᠷ᠎ᠠ   ᠲᠠᠬᠤᠯ ᠤᠨ ᠲᠡᠷᠡᠭᠠᠬᠢ ᠰᠡᠷᠭᠦᠯᠲᠡ ᠳᠤ ᠲᠤᠰᠠᠯᠠᠯᠴᠠᠭ᠎ᠠ ᠦᠵᠡᠭᠦᠯᠵᠦ ᠪᠠᠶᠢᠭ᠎ᠠ᠃ ᠮᠦᠠ ᠲᠣᠭᠲᠠᠪᠤᠷᠢᠲᠠᠶ ᠬᠥᠭᠵᠢᠵᠦ ᠪᠤᠶ ᠬᠤᠲᠠ ᠨᠤᠭᠤᠳ ᠤᠨ ᠰᠦᠯᠵᠢᠶ᠎ᠠ ᠪᠠᠶᠢᠭᠤᠯᠬᠤ ᠪᠠᠷ ᠠᠵᠢᠯᠯᠠᠵᠤ ᠪᠠᠶᠢᠨ᠎ᠡ᠃ ᠤᠯᠠᠭᠠᠨᠪᠠᠭᠠᠲᠤᠷ ᠬᠤᠲᠠ ᠶᠢ ᠲᠤᠰ ᠡᠩᠨᠡᠭᠡᠨ ᠳᠤ ᠨᠢᠭᠡᠳᠦᠨ᠎ᠡ ᠭᠡᠳᠡᠭ ᠲᠤ ᠢᠲᠡᠭᠡᠯ ᠲᠠᠢ ᠪᠠᠶᠢᠨ᠎ᠡ᠃

ᠲᠠᠨ ᠳᠤ ᠡᠷᠡᠭᠦᠯ ᠡᠩᠬᠡ᠂ ᠠᠵᠢᠯ ᠬᠦᠳᠡᠯᠮᠦᠷᠢ ᠶᠢᠨ  ᠠᠮᠵᠢᠯᠲᠠ᠂ ᠤᠯᠠᠭᠠᠨᠪᠠᠭᠠᠲᠤᠷ ᠬᠤᠲᠠ ᠳᠤ ᠶᠡᠭᠡ ᠬᠥᠭᠵᠢᠯ ᠴᠡᠴᠡᠭᠯᠡᠯᠲᠡ ᠶᠢ ᠢᠷᠦᠭᠡᠵᠦ ᠪᠤᠢ ᠶᠢ ᠮᠢᠨᠢ ᠬᠦᠯᠢᠶᠡᠨ ᠠᠪᠤᠨ᠎ᠠ ᠦᠦ᠃  ᠬᠦᠨᠳᠦᠳᠬᠡᠭᠰᠡᠨ᠂ ᠲᠤᠤᠺᠢᠣ᠋ ᠬᠤᠲᠠ ᠶᠢᠨ ᠵᠠᠬᠢᠷᠤᠭᠴᠢ ᠶᠤᠷᠢᠺᠤ ᠺᠤᠢᠺᠸ ᠬᠡᠮᠡᠵᠡᠢ᠃

ᠰᠡᠳᠬᠢᠭᠳᠡᠯ ᠦᠯᠡᠳᠡᠭᠡᠬᠦ