ᠮᠣᠩᠭᠤᠯ ᠤᠯᠤᠰ᠂ ᠡᠸᠦ᠋ᠷᠦᠫᠡ ᠶᠢᠨ ᠬᠤᠯᠪᠤᠭᠠᠨ ᠤ ᠬᠠᠮᠲᠤ ᠶᠢᠨ ᠠᠵᠢᠯᠯᠠᠭᠠᠨ ᠤ ᠬᠠᠮᠲᠤᠷᠠᠭᠰᠠᠨ ᠬᠤᠷᠢᠶᠠᠨ ᠤ ᠬᠤᠷᠠᠯᠳᠤᠭᠠᠨ ᠤ ᠳᠡᠳ᠋ ᠬᠤᠷᠠᠯᠳᠤᠭᠠᠨ ᠪᠣᠯᠬᠤ ᠬᠥᠭᠵᠢᠯ ᠤᠨ ᠬᠠᠮᠲᠤ ᠶᠢᠨ ᠠᠵᠢᠯᠯᠠᠭᠠᠨ ᠤ ᠠᠵᠢᠯ ᠤᠨ ᠬᠡᠰᠡᠭ ᠤᠨ ᠬᠤᠶᠠᠳᠤᠭᠠᠷ ᠬᠤᠷᠠᠯᠳᠤᠭᠠᠨ ᠥᠨᠥᠳᠥᠷ ᠪᠣᠯᠣᠯ᠎ᠠ᠃ ᠬᠤᠷᠠᠯᠳᠤᠭᠠᠨ ᠢ ᠮᠣᠩᠭᠣᠯ ᠤᠨ ᠲᠠᠯ᠎ᠠ ᠠᠴᠠ ᠰᠠᠩ ᠤᠨ ᠶᠠᠮᠤᠨ ᠤ ᠰᠠᠩᠬᠦᠦ ᠶᠢᠨ ᠪᠣᠳᠣᠯᠭ᠎ᠠ ᠶᠢᠨ ᠭᠠᠵᠠᠷ ᠤᠨ ᠳᠠᠷᠤᠭ᠎ᠠ ᠪ∙ᠰᠦᠬᠡᠸ᠋ᠴᠢᠷ᠂ ᠡᠸᠦ᠋ᠷᠦᠫᠡ ᠶᠢᠨ ᠬᠤᠯᠪᠤᠭᠠᠨ ᠤ ᠲᠠᠯ᠎ᠠ ᠠᠴᠠ ᠡᠸᠦ᠋ᠷᠦᠫᠡ ᠶᠢᠨ ᠺᠣᠮᠢᠰ ᠤᠨ ᠣᠯᠠᠨ ᠤᠯᠤᠰ ᠤᠨ ᠬᠠᠮᠲᠤ ᠶᠢᠨ ᠠᠵᠢᠯᠯᠠᠭᠠᠨ ᠤ ᠶᠡᠷᠦᠩᠬᠡᠶ ᠭᠠᠵᠠᠷ ᠤᠨ ᠣᠶᠢᠷᠠᠬᠢ ᠳᠣᠷᠣᠨᠠᠲᠤ᠂ ᠠᠽᠢᠶ᠎ᠠ ᠨᠤᠮᠦᠬᠠᠠ ᠳᠠᠯᠠᠢ ᠶᠢᠨ ᠣᠷᠣᠨ ᠨᠤᠭᠤᠳ ᠢ ᠬᠠᠷᠢᠭᠤᠴᠠᠭᠰᠠᠨ ᠵᠠᠬᠢᠷᠤᠯ ᠤᠨ ᠡᠭᠦᠷᠭᠡ ᠭᠦᠢᠴᠡᠳᠬᠡᠭᠴᠢ᠂ ᠨᠣᠶᠠᠨ ᠵᠢᠶᠠᠩ ᠯᠦᠢ ᠸᠢᠯᠯ ᠨᠠᠷ ᠳᠠᠷᠤᠭᠠᠯᠠᠪᠠ᠃
ᠬᠤᠷᠠᠯᠳᠤᠭᠠᠨ ᠤ ᠦᠶ᠎ᠡ ᠪᠠᠷ ᠮᠣᠩᠭᠤᠯ ᠤᠯᠤᠰ ᠤᠨ ᠵᠠᠰᠠᠭ ᠤᠨ ᠭᠠᠵᠠᠷ ᠡᠸᠦ᠋ᠷᠦᠫᠡ ᠶᠢᠨ ᠺᠣᠮᠢᠰ ᠲᠠᠢ 2014-2020 ᠣᠨ ᠳᠤ ᠬᠠᠮᠲᠤᠷᠠᠨ ᠠᠵᠢᠯᠯᠠᠬᠤ ᠣᠯᠠᠨ ᠵᠢᠯ ᠤᠨ ᠪᠠᠷᠢᠮᠵᠢᠶᠠᠲᠤ ᠬᠥᠲᠥᠯᠪᠦᠷᠢ ᠶᠢᠨ ᠬᠦᠷᠢᠶᠡᠨ ᠳᠤ ᠣᠯᠭᠤᠵᠤ ᠪᠤᠶ ᠲᠥᠰᠦᠪ ᠤᠨ ᠳᠡᠮᠵᠢᠯᠭᠡ ᠪᠠᠷ ᠬᠥᠳᠡᠯᠮᠦᠷᠢ ᠡᠷᠬᠢᠯᠡᠯᠲᠡ ᠶᠢᠨ ᠰᠠᠯᠪᠤᠷᠢ ᠶᠢ ᠬᠥᠭᠵᠢᠭᠦᠯᠬᠦ᠂ ᠲᠥᠰᠥᠪ ᠰᠠᠩᠬᠦᠦ ᠶᠢᠨ ᠤᠳᠤᠷᠢᠳᠤᠯᠭ᠎ᠠ ᠶᠢ ᠰᠠᠶᠢᠵᠢᠷᠠᠭᠤᠯᠬᠤ ᠴᠢᠭᠯᠡᠯ ᠢᠶᠠᠷ ᠬᠡᠷᠡᠭᠵᠢᠭᠦᠯᠦᠭᠰᠡᠨ ᠠᠷᠭ᠎ᠠ ᠭᠡᠮᠵᠢᠶ᠎ᠠ᠂ ᠦᠷ᠎ᠡ ᠳ᠋ᠦᠩ ᠢ ᠬᠡᠯᠡᠯᠴᠡᠪᠡ᠃ ᠮᠦᠠ ᠡᠸᠦ᠋ᠷᠦᠫᠡ ᠶᠢᠨ ᠬᠤᠯᠪᠤᠭᠠᠨ ᠤ ᠲᠠᠯ᠎ᠠ ᠠᠴᠠ ᠮᠣᠩᠭᠤᠯ ᠤᠯᠤᠰ ᠲᠠᠢ 2021-2027 ᠣᠨ ᠳᠤ ᠬᠠᠮᠲᠤᠷᠠᠨ ᠠᠵᠢᠯᠯᠠᠬᠤ ᠣᠯᠠᠨ ᠵᠢᠯ ᠤᠨ ᠪᠠᠷᠢᠮᠵᠢᠶᠠᠲᠤ ᠬᠥᠲᠥᠯᠪᠦᠷᠢ᠂ ᠡᠸᠦ᠋ᠷᠦᠫᠡ ᠶᠢᠨ ᠬᠤᠯᠪᠤᠭᠠᠨ ᠤ ᠣᠯᠠᠨ ᠤᠯᠤᠰ ᠤᠨ ᠳᠡᠳ᠋ ᠪᠦᠲᠦᠴᠡ ᠶᠢᠨ ᠬᠥᠷᠥᠩᠭᠡ ᠣᠷᠤᠭᠤᠯᠤᠯᠲᠠ ᠶᠢᠨ︽ᠳᠡᠯᠡᠬᠡᠢ ᠳᠤ ᠭᠠᠷᠬᠤ ᠭᠠᠷᠴᠠ︾ᠬᠥᠲᠥᠯᠪᠦᠷᠢ᠂︽ᠨᠣᠭᠤᠭᠠᠨ ᠪᠤᠨᠳ᠋︾ ᠰᠠᠨᠠᠭᠠᠴᠢᠯᠠᠭ᠎ᠠ ᠵᠡᠷᠭᠡ ᠬᠥᠲᠥᠯᠪᠦᠷᠢ ᠨᠤᠭᠦᠳ ᠤᠨ ᠲᠠᠯ᠎ᠠ ᠪᠠᠷ ᠲᠠᠨᠢᠯᠴᠠᠭᠤᠯᠤᠯ᠎ᠠ᠃ ᠡᠳᠡᠭᠡᠷ ᠬᠥᠲᠥᠯᠪᠦᠷᠢ ᠶᠢᠨ ᠦᠨᠳᠦᠰᠦᠨ ᠴᠢᠭᠯᠡᠯ ᠤᠳ ᠨᠢ ᠮᠣᠩᠭᠤᠯ ᠤᠯᠤᠰ ᠤᠨ ᠵᠠᠰᠠᠭ ᠤᠨ ᠭᠠᠵᠠᠷ ᠤᠨ ᠤᠷᠲᠤ ᠳᠤᠮᠳᠠ ᠬᠤᠭᠤᠴᠠᠭᠠᠨ ᠤ ᠬᠥᠭᠵᠢᠯ ᠤᠨ ᠪᠣᠳᠣᠯᠭ᠎ᠠ ᠲᠠᠢ ᠤᠶᠠᠯᠳᠤᠵᠤ ᠪᠠᠶᠢᠭ᠎ᠠ ᠶᠢ ᠲᠠᠯ᠎ᠠ ᠨᠤᠭᠤᠳ ᠣᠨᠴᠠᠯᠠᠵᠤ᠂ ᠬᠥᠳᠡᠯᠮᠦᠷᠢ ᠡᠷᠬᠢᠯᠡᠯᠲᠡ᠂ ᠪᠠᠶᠢᠭᠠᠯᠢ ᠳᠤ ᠡᠭᠡᠯᠢ ᠲᠠᠢ ᠳᠡᠳ᠋ ᠪᠦᠲᠦᠴᠡ᠂ ᠨᠣᠭᠤᠭᠠᠨ ᠪᠤᠯᠦᠠ ᠲᠣᠭᠲᠠᠪᠤᠷᠢᠲᠠᠶ ᠬᠥᠭᠵᠢᠯ᠂ ᠴᠠᠬᠢᠮ ᠰᠢᠯᠵᠢᠯᠲᠡ ᠵᠡᠷᠭᠡ ᠴᠢᠭᠯᠡᠯ ᠳᠤ ᠴᠢᠨᠠᠭᠰᠢᠳᠠ ᠬᠠᠮᠲᠤᠷᠠᠨ ᠠᠵᠢᠯᠯᠠᠬᠤ ᠳᠤ ᠪᠡᠯᠡᠨ ᠪᠠᠶᠢᠭ᠎ᠠ ᠪᠠᠨ ᠢᠯᠡᠷᠬᠡᠶᠢᠯᠡᠪᠡ᠃