ᠲᠥᠷᠦ ᠶᠢᠨ ᠵᠠᠬᠢᠷᠭᠠᠨ ᠤ ᠵᠠᠷᠢᠮ ᠪᠠᠶᠢᠭᠤᠯᠤᠯᠭ᠎ᠠ ᠶᠢ ᠬᠥᠰᠢᠭᠡ ᠶᠢᠨ ᠬᠥᠨᠳᠡᠢ ᠤᠷᠤᠭᠤ ᠨᠡᠭᠦᠯᠭᠡᠨ᠎ᠡ | News.MN

ᠲᠥᠷᠦ ᠶᠢᠨ ᠵᠠᠬᠢᠷᠭᠠᠨ ᠤ ᠵᠠᠷᠢᠮ ᠪᠠᠶᠢᠭᠤᠯᠤᠯᠭ᠎ᠠ ᠶᠢ ᠬᠥᠰᠢᠭᠡ ᠶᠢᠨ ᠬᠥᠨᠳᠡᠢ ᠤᠷᠤᠭᠤ ᠨᠡᠭᠦᠯᠭᠡᠨ᠎ᠡ

ᠥᠨᠥᠳᠥᠷ ᠤᠨ ᠵᠠᠰᠠᠭ ᠤᠨ ᠭᠠᠵᠠᠷ ᠤᠨ ᠬᠤᠷᠠᠯᠳᠤᠭᠠᠨ ᠢᠶᠠᠷ ᠬᠥᠰᠢᠭᠡ ᠶᠢᠨ ᠬᠥᠨᠳᠡᠢ ᠶᠢᠨ ᠪᠦᠲᠦᠭᠡᠨ ᠪᠠᠶᠢᠭᠤᠯᠤᠯᠲᠠ ᠲᠠᠢ ᠬᠤᠯᠪᠣᠭ᠎ᠠ ᠲᠠᠢ ᠲᠣᠭᠲᠠᠭᠠᠯ ᠪᠠᠲᠤᠯᠠᠵᠠᠢ᠃ ᠡᠨᠡ ᠲᠠᠯ᠎ᠠ ᠪᠠᠷ  ᠪᠠᠷᠢᠯᠭ᠎ᠠ᠂ ᠬᠤᠳᠠ ᠪᠠᠶᠢᠭᠤᠯᠤᠯᠲᠠ ᠶᠢᠨ ᠰᠠᠶᠢᠳ ᠪ∙ᠮᠥᠩᠬᠡᠪᠠᠭᠠᠲᠤᠷ ᠄ ᠲᠥᠷᠦ ᠶᠢᠨ ᠵᠠᠬᠢᠷᠭᠠᠨ ᠤ ᠵᠠᠷᠢᠮ ᠪᠠᠶᠢᠭᠤᠯᠤᠯᠭ᠎ᠠ ᠶᠢ ᠦᠶ᠎ᠡ ᠱᠠᠲᠤ ᠲᠠᠢ ᠪᠠᠷ ᠬᠥᠰᠢᠭᠡ ᠶᠢᠨ  ᠬᠥᠨᠳᠡᠢ ᠤᠷᠤᠭᠤ ᠰᠢᠯᠵᠢᠬᠦᠯᠬᠦ ᠰᠢᠢᠳᠪᠦᠷᠢ ᠭᠠᠷᠤᠯ᠎ᠠ᠃ ᠡᠨᠡ ᠪᠣᠯ  ᠤᠯᠤᠰ ᠲᠥᠷᠦ ᠶᠢᠨ ᠰᠢᠢᠳᠪᠦᠷᠢ᠃ ᠲᠥᠷᠦ ᠶᠢᠨ ᠵᠠᠬᠢᠷᠭᠠᠨ ᠤ ᠲᠥᠪ ᠪᠠᠶᠢᠭᠤᠯᠤᠯᠭ᠎ᠠ ᠪᠢᠰᠢ᠂ ᠵᠠᠷᠢᠮ ᠪᠠᠶᠢᠭᠤᠯᠤᠯᠭ᠎ᠠ ᠶᠢ ᠭᠠᠷᠭᠠᠬᠤ ᠠᠰᠠᠭᠤᠳᠠᠯ ᠢ ᠰᠤᠳᠤᠯᠵᠤ᠂ ᠰᠠᠨᠠᠯ ᠪᠣᠯᠪᠠᠰᠤᠷᠠᠭᠤᠯᠵᠤ ᠬᠢᠬᠦ ᠰᠢᠢᠳᠪᠦᠷᠢ ᠭᠠᠷᠤᠭᠰᠠᠨ᠃
ᠬᠥᠰᠢᠭᠡ ᠶᠢᠨ ᠬᠥᠨᠳᠡᠢ ᠳᠤ ᠡᠳ᠋ ᠤᠨ ᠵᠠᠰᠠᠭ ᠤᠨ᠂ ᠲᠥᠷᠦ ᠶᠢᠨ ᠵᠠᠬᠢᠷᠭᠠᠨ ᠤ ᠲᠠᠲᠠᠯᠴᠠᠯ ᠢ ᠪᠤᠢ ᠪᠣᠯᠭᠠᠭᠰᠠᠨ ᠢᠶᠠᠷ ᠬᠥᠮᠦᠨ ᠠᠮᠠ ᠶᠢᠨ ᠲᠥᠪᠯᠡᠷᠡᠯ ᠡᠭᠦᠰᠬᠦ ᠪᠣᠯᠣᠮᠵᠢ ᠲᠠᠢ ᠪᠣᠯᠬᠤ  ᠶᠤᠮ᠃ ᠶᠡᠮᠡᠷ ᠲᠣᠬᠢᠶᠠᠯᠳᠤᠯ ᠳᠤ ᠬᠤᠳᠠ ᠲᠠᠲᠠᠯᠴᠠᠯ ᠲᠠᠢ ᠪᠣᠯᠳᠠᠭ ᠪᠤᠢ ᠭᠡᠪᠡᠯ ᠲᠡᠨᠳᠡ ᠳᠡᠳ᠋ ᠪᠦᠲᠦᠴᠡ᠂ ᠬᠥᠮᠥᠰ ᠤᠨ ᠠᠮᠢᠳᠦᠷᠡᠬᠤ ᠣᠷᠴᠢᠨ᠂ ᠠᠵᠢᠯ ᠤᠨ ᠪᠠᠶᠢᠷᠢ ᠪᠠᠶᠢᠬᠤ ᠶᠣᠰᠤᠲᠠᠶ᠃ ᠬᠥᠰᠢᠭᠡ ᠶᠢᠨ ᠬᠥᠨᠳᠡᠢ ᠶᠢᠨ ᠶᠡᠷᠦᠩᠬᠡᠶ ᠲᠥᠯᠥᠪᠯᠡᠯᠲᠡ ᠶᠢ ᠣᠶᠢᠷ᠎ᠠ ᠶᠢᠨ ᠦᠶ᠎ᠡ ᠳᠤ ᠵᠠᠰᠠᠭ ᠤᠨ ᠭᠠᠵᠠᠷ ᠢᠶᠠᠷ ᠪᠠᠲᠤᠯᠠᠭᠤᠯᠤᠨ᠎ᠠ᠃ ᠣᠩᠭᠤᠴᠠᠨ ᠤ ᠪᠠᠭᠤᠳᠠᠯ ᠢ ᠲᠣᠭᠤᠷᠢᠭᠰᠠᠨ ᠦᠢᠯᠡᠴᠢᠯᠡᠭᠡ᠂ ᠲᠡᠭᠡᠭᠡᠪᠦᠷᠢ  ᠯᠤᠵᠢᠰᠲ᠋ᠢᠺ ᠤᠨ ᠬᠡᠰᠡᠭ ᠲᠠᠢ ᠬᠤᠯᠪᠣᠭ᠎ᠠ ᠲᠠᠢ ᠢᠨᠵᠧᠨᠧᠷ ᠤᠨ ᠳᠡᠳ᠋ ᠪᠦᠲᠦᠴᠡ ᠶᠢᠨ ᠠᠵᠢᠯ ᠤᠳ ᠢ ᠬᠢᠵᠦ ᠳᠠᠭᠤᠰᠴᠤ ᠪᠠᠶᠢᠨ᠎ᠡ ᠭᠡᠪᠡ᠃

ᠰᠡᠳᠬᠢᠭᠳᠡᠯ ᠦᠯᠡᠳᠡᠭᠡᠬᠦ