ᠤᠯᠤᠰ ᠤᠨ ᠨᠡᠶᠢᠲᠡ ᠭᠠᠳᠠᠭᠠᠳᠤ ᠥᠷᠢ ᠡᠮᠦᠨᠡᠬᠢ ᠣᠨ ᠠᠴᠠ ᠨᠢᠭᠡ ᠲᠡᠷᠪᠤᠮ ᠳ᠋ᠣᠯᠯᠠᠷ ᠢᠶᠠᠷ ᠥᠰᠦᠭᠰᠡᠨ ᠪᠣᠯᠬᠤ ᠶᠢ ᠦᠨᠳᠦᠰᠦᠨ ᠦ ᠰᠲ᠋ᠠᠲ᠋ᠢᠰᠲ᠋ᠢᠺ ᠤᠨ ᠬᠣᠷᠢᠶᠠᠨ ᠠᠴᠠ ᠮᠡᠳᠡᠭᠡᠯᠡᠯ᠎ᠡ᠃ ᠲᠣᠳᠣᠷᠠᠭᠤᠯᠪᠠᠯ᠂ ᠤᠯᠤᠰ ᠤᠨ ᠨᠡᠶᠢᠲᠡ ᠭᠠᠳᠠᠭᠠᠳᠤ ᠥᠷᠢ 2021 ᠣᠨ ᠳᠤ 33.2 ᠲᠡᠷᠪᠤᠮ ᠳ᠋ᠣᠯᠯᠠᠷ ᠪᠣᠯᠵᠤ᠂ ᠡᠮᠦᠨᠡᠬᠢ ᠣᠨ ᠠᠴᠠ ᠨᠢᠭᠡ ᠲᠡᠷᠪᠤᠮ ᠳ᠋ᠣᠯᠯᠠᠷ ᠢᠶᠠᠷ ᠥᠰᠴᠦ᠂ ᠡᠮᠦᠨᠡᠬᠢ ᠤᠯᠠᠷᠢᠯ ᠠᠴᠠ 129.3ᠰᠠᠶ᠎ᠠ ᠳ᠋ᠣᠯᠯᠠᠷ ᠢᠶᠠᠷ ᠪᠠᠭᠤᠷᠠᠭᠰᠠᠨ ᠪᠠᠶᠢᠨ᠎ᠠ᠃
ᠨᠡᠶᠢᠲᠡ ᠭᠠᠳᠠᠭᠠᠳᠤ ᠥᠷᠢ ᠶᠢᠨ 37 ᠬᠤᠪᠢ ᠪᠤᠶᠤ 12.3 ᠲᠡᠷᠪᠤᠮ ᠳ᠋ᠣᠯᠯᠠᠷ ᠨᠢ ᠰᠢᠭᠤᠳ ᠬᠥᠷᠥᠩᠭᠡ ᠣᠷᠣᠭᠤᠯᠤᠯᠲᠠ᠂ ᠺᠣᠮᠫᠠᠨᠢ ᠬᠣᠭᠣᠷᠣᠨᠳᠣ ᠶᠢᠨ ᠵᠢᠭᠡᠯᠡᠯᠭᠡ᠂ 24.8 ᠬᠤᠪᠢ ᠪᠤᠶᠤ 8.2 ᠲᠡᠷᠪᠤᠮ ᠳ᠋ᠣᠯᠯᠠᠷ ᠨᠢ ᠪᠤᠰᠤᠳ ᠰᠠᠯᠪᠤᠷᠢ ᠶᠢᠨ ᠬᠢ᠂ 25.6 ᠬᠤᠪᠢ ᠪᠤᠶᠤ 8.5 ᠲᠡᠷᠪᠤᠮ ᠳ᠋ᠣᠯᠯᠠᠷ ᠨᠢ ᠵᠠᠰᠠᠭ ᠤᠨ ᠭᠠᠵᠠᠷ ᠤᠨ ᠬᠢ᠂ 7.7 ᠬᠤᠪᠢ ᠪᠤᠶᠤ 2.6 ᠲᠡᠷᠪᠤᠮ ᠳ᠋ᠣᠯᠯᠠᠷ ᠨᠢ ᠲᠥᠪ ᠪᠠᠩᠬᠢᠨ ᠤ ᠬᠢ᠂ 5 ᠬᠤᠪᠢ ᠪᠤᠶᠤ 1.7 ᠲᠡᠷᠪᠤᠮ ᠳ᠋ᠣᠯᠯᠠᠷ ᠨᠢ ᠲᠥᠪ ᠪᠠᠩᠬᠢᠨ ᠠᠴᠠ ᠪᠤᠰᠤᠳ ᠬᠠᠳᠠᠭᠠᠯᠠᠮᠵᠢ ᠶᠢᠨ ᠪᠠᠶᠢᠭᠤᠯᠤᠯᠭ᠎ᠠ ᠶᠢᠨ ᠬᠢ ᠶᠤᠮ᠃