ᠣᠯᠠᠨ ᠤᠯᠤᠰ ᠤᠨ ᠮᠣᠩᠭᠣᠯᠴᠢ ᠡᠷᠳᠡᠮᠲᠡᠳ ᠦᠨ ᠬᠤᠷᠠᠯ ᠬᠠᠷᠠᠬᠣᠷᠣᠮ  ᠳᠤ ᠪᠣᠯᠤᠨ᠎ᠠ | News.MN

ᠣᠯᠠᠨ ᠤᠯᠤᠰ ᠤᠨ ᠮᠣᠩᠭᠣᠯᠴᠢ ᠡᠷᠳᠡᠮᠲᠡᠳ ᠦᠨ ᠬᠤᠷᠠᠯ ᠬᠠᠷᠠᠬᠣᠷᠣᠮ  ᠳᠤ ᠪᠣᠯᠤᠨ᠎ᠠ

ᠣᠯᠠᠨ ᠤᠯᠤᠰ ᠤᠨ ᠮᠣᠩᠭᠣᠯᠴᠢ ᠡᠷᠳᠡᠮᠲᠡᠳ ᠦᠨ ᠠᠷᠪᠠᠨ ᠬᠤᠶᠠᠳᠤᠭᠠᠷ ᠶᠡᠬᠡ ᠬᠤᠷᠠᠯ ᠢ ᠮᠣᠩᠭᠣᠯ ᠤᠯᠤᠰ ᠤᠨ ᠶᠡᠷᠦᠩᠬᠡᠶᠢᠯᠡᠭᠴᠢ ᠶᠢᠨ ᠢᠪᠡᠭᠡᠯ ᠳᠣᠣᠷ᠎ᠠ ᠡᠵᠡᠨ ᠪᠣᠭᠳᠠ ᠴᠢᠩᠭᠢᠰ ᠬᠠᠭᠠᠨ ᠤ ᠮᠡᠨᠳᠦᠯᠡᠭᠰᠡᠨ 860 ᠵᠢᠯ ᠦᠨ ᠣᠢ ᠶᠢᠨ ᠬᠦᠷᠢᠶᠡᠨ ᠳᠦ ᠤᠯᠠᠭᠠᠨᠪᠠᠭᠠᠲᠤᠷ ᠪᠣᠯᠤᠨ ᠡᠵᠡᠨᠲᠦ ᠭᠦᠷᠦᠨ ᠦ ᠨᠡᠶᠢᠰᠯᠡᠯ ᠬᠠᠷᠠᠬᠣᠷᠣᠮ ᠬᠤᠲᠠ ᠳᠤ ᠵᠣᠬᠢᠶᠠᠨ ᠪᠠᠶᠢᠭᠤᠯᠬᠤ ᠪᠠᠷ ᠲᠥᠯᠥᠪᠯᠡᠵᠡᠢ᠃ ᠲᠤᠰ ᠬᠤᠷᠠᠯ ᠢ ᠲᠠᠪᠤᠨ ᠵᠢᠯ ᠲᠤᠲᠤᠮ ᠵᠣᠬᠢᠶᠠᠨ ᠪᠠᠶᠢᠭᠤᠯᠵᠤ ᠢᠷᠡᠭᠰᠡᠨ ᠪᠥᠭᠡᠳ ᠬᠠᠮᠤᠭ ᠤᠨ ᠰᠡᠭᠦᠯ ᠳᠦ 2016 ᠣᠨ ᠳᠤ ᠤᠯᠠᠭᠠᠨᠪᠠᠭᠠᠲᠤᠷ ᠲᠤ ᠵᠣᠬᠢᠶᠠᠨ ᠪᠠᠶᠢᠭᠤᠯᠤᠭᠰᠠᠨ ᠶᠤᠮ᠃

ᠮᠣᠩᠭᠣᠯ ᠤᠯᠤᠰ ᠤᠨ ᠵᠠᠰᠠᠭ ᠤᠨ ᠭᠠᠵᠠᠷ ᠠᠴᠠ《ᠮᠣᠩᠭᠣᠯ ᠰᠤᠳᠤᠯᠤᠯ ᠢ ᠬᠥᠭᠵᠢᠭᠦᠯᠬᠦ ᠦᠨᠳᠦᠰᠦᠨ ᠦ ᠬᠥᠲᠥᠯᠪᠦᠷᠢ》  ᠶᠢ 2012-2016 ᠪᠣᠯᠤᠨ 2018-2021 ᠣᠨ ᠳᠤ ᠲᠤᠰ ᠲᠤᠰ ᠬᠣᠶᠠᠷ ᠤᠳᠠᠭ᠎ᠠ ᠪᠠᠲᠤᠯᠠᠨ ᠬᠡᠷᠡᠭᠵᠢᠭᠦᠯᠦᠭᠰᠡᠨ᠃ ᠮᠣᠩᠭᠣᠯ ᠰᠤᠳᠤᠯᠤᠯ ᠤᠨ ᠬᠦᠷᠢᠶᠡᠨ ᠳᠦ ᠬᠡᠯᠡ᠂ ᠲᠡᠦᠬᠡ᠂ ᠰᠤᠶᠤᠯ ᠤᠨ ᠤᠯᠠᠮᠵᠢᠯᠠᠯᠲᠤ ᠰᠠᠯᠪᠤᠷᠢ ᠠᠴᠠ ᠭᠠᠳᠠᠨ᠎ᠠ ᠠᠷᠬᠧᠣᠯᠣᠭᠢ᠂ ᠠᠨᠲᠷᠣᠫᠣᠯᠣᠭᠢ᠂ ᠨᠡᠶᠢᠭᠡᠮ᠂ ᠡᠳ᠋  ᠦᠨ ᠵᠠᠰᠠᠭ᠂ ᠤᠯᠤᠰ ᠲᠥᠷᠥ᠂ ᠡᠷᠬᠡ ᠵᠦᠢ ᠶᠢᠨ ᠣᠷᠴᠢᠨ ᠦᠶ᠎ᠡ ᠶᠢᠨ ᠴᠢᠭ ᠬᠠᠨᠳᠤᠯᠭ᠎ᠠ ᠶᠢ ᠬᠠᠮᠤᠷᠤᠭᠤᠯᠵᠤ᠂ ᠢᠯᠡᠭᠦᠦ ᠲᠣᠮᠣ ᠵᠢᠷᠤᠭ ᠢᠶᠠᠷ ᠬᠠᠷᠠᠬᠤ ᠨᠢ ᠴᠢᠬᠤᠯᠠ ᠪᠠᠶᠢᠨ᠎ᠠ᠃ ᠴᠢᠨᠠᠭᠰᠢᠳᠠ ᠮᠣᠩᠭᠣᠯ ᠰᠤᠳᠤᠯᠤᠯ ᠤᠨ ᠰᠤᠳᠤᠯᠭᠠᠨ ᠤ ᠴᠠᠷ᠎ᠠ ᠬᠦᠷᠢᠶ᠎ᠡ ᠶᠢ ᠪᠥᠰᠡ ᠨᠤᠲᠤᠭ ᠤᠨ ᠲᠦᠪᠰᠢᠨ ᠳᠦ ᠭᠠᠷᠭᠠᠬᠤ᠂ ᠤᠶᠠᠯᠳᠤᠭ᠎ᠠ ᠬᠣᠯᠪᠣᠭ᠎ᠠ ᠶᠢ ᠰᠠᠶᠢᠵᠢᠷᠠᠭᠤᠯᠬᠤ᠂ ᠤᠯᠤᠰ ᠣᠷᠣᠨ ᠢᠶᠠᠨ ᠭᠠᠳᠠᠭᠠᠳᠤ ᠶᠢᠷᠲᠢᠨᠴᠦ ᠳᠦ ᠵᠥᠪ ᠲᠠᠨᠢᠭᠤᠯᠬᠤ᠂ ᠨᠡᠶᠢᠭᠡᠮ᠂ ᠡᠳ᠋ ᠦᠨ ᠵᠠᠰᠠᠭ ᠤᠨ ᠬᠥᠭᠵᠢᠯ ᠳᠦ ᠰᠢᠨᠵᠢᠯᠡᠬᠦ ᠤᠬᠠᠭᠠᠨ ᠤ ᠦᠨᠳᠦᠰᠦᠯᠡᠯ ᠲᠡᠢ ᠰᠢᠨᠡᠯᠢᠭ ᠰᠠᠨᠠᠭ᠎ᠠ ᠶᠢ ᠲᠤᠰᠬᠠᠬᠤ ᠨᠢ ᠴᠢᠬᠤᠯᠠ ᠠᠴᠢ ᠬᠣᠯᠪᠣᠭᠳᠠᠯ ᠲᠠᠢ ᠶᠤᠮ᠃

ᠰᠡᠳᠬᠢᠭᠳᠡᠯ ᠦᠯᠡᠳᠡᠭᠡᠬᠦ