ᠸᠠᠯᠢᠶᠤᠲ ᠤᠨ ᠵᠠᠬ᠎ᠠ ᠵᠡᠭᠡᠯᠢ ᠳᠦ ᠰᠡᠭᠦᠯ ᠦᠨ ᠦᠶ᠎ᠡ ᠳᠦ ᠪᠤᠢ ᠪᠣᠯᠤᠭᠠᠳ ᠪᠤᠢ ᠨᠥᠬᠥᠴᠡᠯ ᠪᠠᠶᠢᠳᠠᠯ ᠲᠠᠢ ᠬᠣᠯᠪᠣᠭᠳᠠᠭᠤᠯᠤᠨ ᠮᠣᠩᠭᠣᠯ ᠪᠠᠩᠭᠢᠨ ᠤ ᠶᠡᠷᠦᠩᠬᠡᠶᠢᠯᠡᠭᠴᠢ ᠪ∙ᠯᠾᠬᠠᠪᠠᠰᠦ᠋ᠷᠤᠩ ᠮᠡᠳᠡᠭᠡᠯᠡᠯ ᠥᠭᠭᠦᠭᠰᠡᠨ ᠶᠤᠮ᠃ ᠲᠡᠷᠡ ᠪᠡᠷ ᠄ ᠪᠢᠳᠡ ᠲᠥᠯᠥᠪᠦᠷᠢ ᠲᠣᠭᠠᠴᠠᠭᠠᠨ ᠳᠤ ᠪᠠᠨ ᠷᠦᠪᠯᠢ ᠶᠡᠬᠡ ᠠᠰᠢᠭᠯᠠᠭᠳᠠᠳᠠᠭ ᠦᠭᠡᠢ ᠤᠴᠢᠷ ᠮᠣᠩᠭᠣᠯ ᠤᠯᠤᠰ ᠤᠨ ᠸᠠᠯᠢᠶᠤᠲ ᠤᠨ ᠨᠥᠭᠡᠴᠡ ᠳᠤ ᠷᠦᠪᠯᠢ ᠶᠢᠨ ᠨᠥᠭᠡᠴᠡ ᠪᠠᠶᠢᠳᠠᠭ ᠦᠭᠡᠢ᠃ ᠷᠦᠪᠯᠢ ᠶᠢᠨ ᠨᠥᠭᠡᠴᠡ ᠪᠠᠩᠬᠢ ᠨᠤᠭᠤᠳ ᠤᠨ ᠪᠠᠯᠠᠨᠰ ᠲᠤ ᠪᠠᠶᠢᠳᠠᠭ ᠶᠤᠮ᠃ 2019 ᠣᠨ ᠠᠴᠠ ᠥᠨᠥᠳᠥᠷ ᠢ ᠬᠦᠷᠲᠡᠯᠡᠬᠢ ᠬᠤᠭᠤᠴᠠᠭᠠᠨ ᠤ ᠳᠤᠮᠳᠠᠴᠢ ᠳ᠋ᠦᠩ ᠢ ᠬᠠᠷᠠᠪᠠᠯ ᠳᠡᠭᠡᠳᠦ ᠲᠠᠯ᠎ᠠ ᠳᠤ ᠪᠠᠨ 30 ᠰᠠᠶ᠎ᠠ ᠳ᠋ᠣᠯᠯᠠᠷ ᠤᠨ ᠬᠡᠮᠵᠢᠶᠡᠨ ᠦ ᠷᠦᠪᠯᠢ ᠲᠥᠯᠥᠪᠦᠷᠢ ᠲᠣᠭᠠᠴᠠᠭᠠᠨ ᠳᠤ ᠠᠰᠢᠭᠯᠠᠭᠳᠠᠳᠠᠭ ᠪᠠᠶᠢᠭᠰᠠᠨ᠃ ᠬᠠᠷᠢᠨ ᠬᠣᠶᠠᠳᠤᠭᠠᠷ ᠰᠠᠷ᠎ᠠ ᠶᠢᠨ 24 ᠡᠴᠡ ᠬᠣᠶᠢᠰᠢ ᠳᠡᠭᠡᠷᠡᠬᠢ ᠲᠤᠭ᠎ᠠ ᠭᠤᠷᠪᠠ ᠳᠠᠬᠢᠨ ᠨᠡᠮᠡᠭᠳᠡᠭᠰᠡᠨ᠃ ᠤᠯᠠᠮ ᠢᠶᠠᠷ ᠭᠤᠷᠪᠠᠳᠤᠭᠠᠷ ᠰᠠᠷ᠎ᠠ ᠳᠤ 92 ᠰᠠᠶ᠎ᠠ ᠳ᠋ᠣᠯᠯᠠᠷ ᠲᠠᠢ ᠲᠡᠩᠴᠡᠬᠦ ᠬᠡᠮᠵᠢᠶᠡᠨ ᠦ ᠷᠦᠪᠯᠢ ᠶᠢᠨ ᠠᠷᠠᠯᠵᠢᠶ᠎ᠠ ᠮᠣᠩᠭᠣᠯ ᠳᠤ ᠬᠢᠭᠳᠡᠭᠰᠡᠨ᠃ ᠡᠶᠢᠨᠬᠦᠦ ᠢᠳᠡᠪᠬᠢᠵᠢᠵᠦ ᠪᠠᠶᠢᠭ᠎ᠠ ᠶᠢ ᠲᠥᠪ ᠪᠠᠩᠬᠢ ᠠᠩᠬᠠᠷᠤᠯ ᠳᠤ ᠪᠠᠨ ᠠᠪᠴᠤ ᠪᠠᠶᠢᠭ᠎ᠠ ᠭᠡᠯᠡ᠃