︽ᠰᠢᠨ᠎ᠡ ᠰᠡᠷᠭᠦᠯᠲᠡ ︾ ᠳᠦ ᠠᠽᠢᠶ᠎ᠠ ᠶᠢᠨ ᠬᠥᠭᠵᠢᠯ ᠦᠨ ᠪᠠᠩᠬᠢ ᠬᠠᠮᠲᠤᠷᠠᠵᠤ ᠠᠵᠢᠯᠯᠠᠬᠤ ᠰᠠᠨᠠᠯ ᠲᠠᠯᠪᠢᠵᠠᠢ | News.MN

︽ᠰᠢᠨ᠎ᠡ ᠰᠡᠷᠭᠦᠯᠲᠡ ︾ ᠳᠦ ᠠᠽᠢᠶ᠎ᠠ ᠶᠢᠨ ᠬᠥᠭᠵᠢᠯ ᠦᠨ ᠪᠠᠩᠬᠢ ᠬᠠᠮᠲᠤᠷᠠᠵᠤ ᠠᠵᠢᠯᠯᠠᠬᠤ ᠰᠠᠨᠠᠯ ᠲᠠᠯᠪᠢᠵᠠᠢ

ᠮᠣᠩᠭᠣᠯ ᠤᠯᠤᠰ ᠤᠨ ᠰᠢᠳᠠᠷ ᠰᠠᠶᠢᠳ ᠰ∙ᠠᠮᠤᠷᠰᠠᠶᠢᠬᠠᠨ ᠠᠽᠢᠶ᠎ᠠ ᠶᠢᠨ ᠬᠥᠭᠵᠢᠯ ᠦᠨ ᠪᠠᠩᠬᠢᠨ ᠤ ᠮᠣᠩᠭᠣᠯ ᠤᠯᠤᠰ ᠳᠠᠬᠢ ᠰᠠᠭᠤᠷᠢᠨ ᠲᠥᠯᠥᠭᠡᠯᠡᠭᠴᠢ ᠫᠠᠸᠢᠲ ᠷᠠᠮᠠᠴᠠᠨᠳᠠᠷᠠᠨ ᠢ ᠬᠦᠯᠢᠶᠡᠨ ᠠᠪᠴᠤ ᠠᠭᠤᠯᠵᠠᠵᠠᠢ᠃ ᠥᠩᠭᠡᠷᠡᠭᠰᠡᠨ ᠬᠤᠷᠢᠨ ᠨᠠᠢ᠌ᠮᠠᠨ ᠵᠢᠯ ᠦᠨ ᠬᠤᠭᠤᠴᠠᠭᠠᠨ ᠳᠤ ᠠᠽᠢᠶ᠎ᠠ ᠶᠢᠨ ᠬᠥᠭᠵᠢᠯ ᠦᠨ ᠪᠠᠩᠬᠢ ᠪᠣᠯᠪᠠᠰᠤᠷᠠᠯ᠂ ᠡᠷᠡᠭᠦᠯ ᠮᠡᠨᠳᠦ᠂ ᠨᠡᠶᠢᠭᠡᠮ᠂ ᠡᠳ᠋  ᠦᠨ ᠵᠠᠰᠠᠭ᠂ ᠳᠡᠳ᠋ ᠪᠦᠲᠦᠴᠡ᠂ ᠬᠣᠲᠠ ᠲᠥᠯᠥᠪᠯᠡᠯᠲᠡ᠂ ᠨᠣᠭᠣᠭᠠᠨ ᠬᠥᠭᠵᠢᠯ ᠪᠣᠯᠤᠨ ᠴᠠᠷ᠎ᠠ ᠲᠠᠬᠤᠯ ᠤᠨ ᠦᠶ᠎ᠡ ᠳᠦ ᠪᠣᠳᠠᠲᠤ ᠳᠡᠮᠵᠢᠯᠭᠡ ᠦᠵᠡᠭᠦᠯᠵᠦ ᠢᠷᠡᠭᠰᠡᠨ᠃

ᠫᠠᠸᠢᠲ ᠷᠠᠮᠠᠴᠠᠨᠳᠠᠷᠠᠨ ᠴᠢᠨᠠᠭᠰᠢᠳᠠ ᠬᠠᠮᠲᠤ ᠶᠢᠨ ᠠᠵᠢᠯᠯᠠᠭ᠎ᠠ ᠪᠠᠨ ᠥᠷᠭᠡᠵᠢᠭᠦᠯᠵᠦ᠂ ᠵᠠᠰᠠᠭ ᠤᠨ ᠭᠠᠵᠠᠷ ᠠᠴᠠ ᠬᠡᠷᠡᠭᠵᠢᠭᠦᠯᠵᠦ ᠪᠤᠢ ᠰᠢᠨ᠎ᠡ ᠰᠡᠷᠭᠦᠯᠲᠡ ᠶᠢᠨ ᠪᠣᠳᠣᠯᠭ᠎ᠠ ᠶᠢ ᠳᠡᠮᠵᠢᠨ ᠠᠵᠢᠯᠯᠠᠬᠤ ᠪᠠᠨ ᠢᠯᠡᠷᠬᠡᠶᠢᠯᠡᠵᠡᠢ᠃ ᠠᠽᠢᠶ᠎ᠠ ᠶᠢᠨ ᠬᠥᠭᠵᠢᠯ ᠦᠨ ᠪᠠᠩᠬᠢᠨ ᠤ ᠬᠢᠨ ᠬᠥᠰᠢᠭ ᠦᠨ ᠬᠥᠨᠳᠡᠢ ᠳ᠋ᠡᠬᠢ ᠰᠢᠨ᠎ᠡ ᠨᠢᠰᠬᠦ ᠪᠠᠭᠤᠳᠠᠯ ᠢ ᠲᠦᠰᠢᠭᠯᠡᠨ ᠪᠠᠷᠢᠭᠳᠠᠬᠤ ᠳᠠᠭᠠᠭᠤᠯᠢ ᠬᠣᠲᠠ᠂ ᠨᠡᠶᠢᠲᠡ ᠶᠢᠨ ᠲᠡᠭᠡᠭᠡᠪᠦᠷᠢ ᠶᠢᠨ ᠰᠢᠨᠡᠴᠢᠯᠡᠯ ᠦᠨ ᠠᠰᠠᠭᠤᠳᠠᠯ ᠪᠣᠯᠤᠨ ᠰᠢᠨ᠎ᠡ ᠰᠡᠷᠭᠦᠯᠲᠡ ᠶᠢᠨ ᠪᠣᠳᠣᠯᠭ᠎ᠠ ᠶᠢᠨ ᠬᠦᠷᠢᠶᠡᠨ ᠳᠦ ᠬᠡᠷᠡᠭᠵᠢᠭᠦᠯᠬᠦ 《ᠨᠣᠭᠣᠭᠠᠨ ᠬᠥᠭᠵᠢᠯ ᠦᠨ ᠰᠡᠷᠭᠦᠯᠲᠡ》᠂ 《ᠬᠣᠲᠠ᠂ ᠬᠥᠳᠡᠭᠡ ᠶᠢᠨ ᠰᠡᠷᠭᠦᠯᠲᠡ》ᠵᠡᠷᠭᠡ ᠲᠥᠰᠥᠯ᠂ ᠬᠥᠲᠥᠯᠪᠦᠷᠢ ᠨᠦᠭᠦᠳ ᠲᠦ ᠬᠠᠮᠲᠤᠷᠠᠨ ᠠᠵᠢᠯᠯᠠᠬᠤ ᠰᠣᠨᠢᠷᠬᠠᠯ ᠲᠠᠢ ᠪᠠᠶᠢᠭ᠎ᠠ ᠪᠠᠨ ᠤᠯᠠᠮᠵᠢᠯᠠᠭᠰᠠᠨ ᠪᠠᠶᠢᠨ᠎ᠠ᠃

ᠰᠡᠳᠬᠢᠭᠳᠡᠯ ᠦᠯᠡᠳᠡᠭᠡᠬᠦ