ᠡᠨᠡᠳᠬᠡᠭ ᠦᠨ ᠡᠯᠴᠢᠨ ᠲᠠᠢ ᠠᠭᠤᠯᠵᠠᠪᠠ | News.MN

ᠡᠨᠡᠳᠬᠡᠭ ᠦᠨ ᠡᠯᠴᠢᠨ ᠲᠠᠢ ᠠᠭᠤᠯᠵᠠᠪᠠ

ᠮᠣᠩᠭᠣᠯ ᠤᠯᠤᠰ ᠤᠨ ᠰᠢᠳᠠᠷ ᠰᠠᠶᠢᠳ ᠰ∙ᠠᠮᠤᠷᠰᠠᠶᠢᠬᠠᠨ  ᠡᠨᠡᠳᠬᠡᠭ ᠠᠴᠠ ᠮᠣᠩᠭᠣᠯ ᠤᠯᠤᠰ ᠲᠤ ᠰᠠᠭᠤᠭ᠎ᠠ ᠣᠨᠴᠠ ᠪᠥᠭᠡᠳ ᠪᠦᠷᠢᠨ ᠡᠷᠬᠡᠲᠦ ᠡᠯᠴᠢᠨ ᠰᠠᠶᠢᠳ ᠮ∙ᠫ∙ᠰᠢᠩᠾ ᠪᠣᠯᠤᠨ ᠭᠠᠵᠠᠷ ᠤᠨ ᠲᠣᠰᠣ ᠪᠣᠯᠪᠠᠰᠤᠷᠠᠭᠤᠯᠬᠤ ᠦᠢᠯᠡᠳᠪᠦᠷᠢ ᠶᠢᠨ ᠲᠥᠰᠥᠯ ᠦᠨ ᠶᠡᠷᠦᠩᠬᠡᠢ ᠭᠦᠢᠴᠡᠳᠬᠡᠭᠴᠢ《JMC ᠫᠷᠣᠵᠧᠺᠲ᠋ᠰ ᠢᠨᠳᠢᠶᠠ》ᠺᠣᠮᠫᠠᠨᠢ ᠶᠢᠨ ᠲᠥᠯᠥᠭᠡᠯᠡᠭᠴᠢ ᠲᠡᠢ ᠠᠭᠤᠯᠵᠠᠵᠤ ᠲᠥᠰᠥᠯ ᠬᠡᠷᠡᠭᠵᠢᠭᠦᠯᠬᠦ ᠶᠠᠪᠤᠴᠠ ᠳᠤ ᠲᠤᠯᠭᠠᠮᠳᠠᠵᠤ ᠪᠤᠢ ᠵᠠᠷᠢᠮ ᠠᠰᠠᠭᠤᠳᠠᠯ ᠢᠶᠠᠷ ᠰᠠᠨᠠᠯ ᠰᠣᠯᠢᠯᠴᠠᠯ᠎ᠠ᠃
《JMC ᠫᠷᠣᠵᠧᠺᠲ᠋ᠰ ᠢᠨᠳᠢᠶᠠ》ᠺᠣᠮᠫᠠᠨᠢ ᠲᠥᠰᠥᠯ ᠬᠡᠷᠡᠭᠵᠢᠭᠦᠯᠬᠦ ᠶᠠᠪᠤᠴᠠ ᠳᠤ ᠨᠡᠩ ᠱᠠᠭᠠᠷᠳᠠᠯᠭ᠎ᠠ ᠲᠠᠢ ᠪᠠᠷᠠᠭ᠎ᠠ ᠪᠦᠲᠦᠭᠡᠭᠳᠡᠬᠦᠨ ᠬᠢᠲᠠᠳ ᠤᠨ ᠬᠢᠯᠢ ᠳᠡᠭᠡᠷ᠎ᠡ ᠭᠠᠴᠢᠭᠰᠠᠨ ᠢ ᠶᠠᠭᠠᠷᠠᠯᠲᠠᠢ ᠰᠢᠢᠳᠪᠦᠷᠢᠯᠡᠵᠦ ᠥᠭᠭᠦᠭᠰᠡᠨ ᠳᠦ ᠲᠠᠯᠠᠷᠬᠠᠯ ᠢᠯᠡᠷᠬᠡᠶᠢᠯᠡᠯ᠎ᠡ᠃ ᠮᠥᠨ ᠳᠠᠷᠠᠭ᠎ᠠ ᠶᠢᠨ ᠱᠠᠲᠤᠨ ᠤ ᠲᠥᠰᠦᠯ ᠢ ᠬᠡᠷᠡᠭᠵᠢᠭᠦᠯᠬᠦ ᠳᠦ ᠦᠨ᠎ᠡ ᠶᠢᠨ ᠦᠰᠦᠯᠲᠡ ᠲᠤᠯᠭᠠᠮᠳᠠᠭᠰᠠᠨ ᠠᠰᠠᠭᠤᠳᠠᠯ ᠪᠣᠯᠵᠤ ᠪᠠᠶᠢᠭ᠎ᠠ ᠤᠴᠢᠷ ᠠᠴᠠ ᠬᠣᠶᠠᠷ ᠲᠠᠯ᠎ᠠ ᠠᠴᠠ ᠨᠢᠭᠡᠳᠦᠭᠰᠡᠨ ᠦᠨ᠎ᠡ ᠶᠢᠨ ᠳ᠋ᠦᠩ ᠢ ᠲᠣᠬᠢᠷᠠᠯᠴᠠᠬᠤ ᠱᠠᠭᠠᠷᠳᠠᠯᠭ᠎ᠠ ᠲᠠᠢ ᠪᠠᠶᠢᠭ᠎ᠠ ᠶᠢ ᠤᠯᠠᠮᠵᠢᠯᠠᠯ᠎ᠠ᠃

ᠰᠡᠳᠬᠢᠭᠳᠡᠯ ᠦᠯᠡᠳᠡᠭᠡᠬᠦ