ᠮᠥᠩᠭᠥᠨ ᠦ ᠪᠣᠳᠣᠯᠭ᠎ᠠ ᠶᠢᠨ ᠬᠣᠷᠢᠶ᠎ᠠ ᠥᠨᠥᠳᠥᠷ ᠬᠤᠷᠠᠯᠳᠤᠵᠤ᠂ ᠪᠣᠳᠣᠯᠭ᠎ᠠ ᠶᠢᠨ ᠬᠦᠦ ᠶᠢ 2.5 ᠨᠢᠭᠡᠴᠢ ᠬᠤᠪᠢ ᠪᠠᠷ ᠨᠡᠮᠡᠭᠳᠡᠭᠦᠯᠵᠦ᠂ ᠶᠢᠰᠦᠨ ᠬᠤᠪᠢ ᠪᠣᠯᠭᠠᠬᠤ ᠰᠢᠢᠳᠪᠦᠷᠢ ᠭᠠᠷᠭᠠᠵᠠᠢ᠃ ᠡᠨᠡ ᠲᠠᠯ᠎ᠠ ᠪᠠᠷ ᠮᠣᠩᠭᠣᠯ ᠪᠠᠩᠭᠢᠨ ᠤ ᠶᠡᠷᠦᠩᠬᠡᠶᠢᠯᠡᠭᠴᠢ ᠪ∙ ᠯᠾᠬᠠᠪᠠᠰᠦ᠋ᠷᠤᠩ ᠮᠡᠳᠡᠭᠡᠯᠡᠯ ᠬᠢᠯ᠎ᠡ᠃ ᠲᠡᠷᠡ ᠪᠡᠷ᠄ ᠬᠣᠶᠠᠳᠤᠭᠠᠷ ᠰᠠᠷ᠎ᠠ ᠶᠢᠨ ᠰᠲ᠋ᠠᠲ᠋ᠢᠰᠲ᠋ᠢᠺ ᠳ᠋ᠦᠩ ᠢᠶᠡᠷ ᠢᠨᠹᠯᠢᠶᠠᠼ ᠤᠯᠤᠰ ᠤᠨ ᠬᠡᠮᠵᠢᠶᠡᠨ ᠳᠦ 14.2᠂ ᠨᠡᠶᠢᠰᠯᠡᠯ ᠳᠦ 15.5 ᠬᠤᠪᠢ ᠳᠤ ᠬᠦᠷᠦᠭᠰᠡᠨ᠃ ᠡᠶᠢᠮᠦ ᠳᠦ ᠪᠣᠳᠣᠯᠭ᠎ᠠ ᠶᠢᠨ ᠬᠦᠦ ᠶᠢ ᠥᠰᠬᠡᠵᠦ᠂ 9 ᠬᠤᠪᠢ ᠳᠤ ᠬᠦᠷᠭᠡᠯ᠎ᠡ ᠭᠡᠪᠡ᠃
ᠡᠨᠡ ᠰᠠᠷ᠎ᠠ ᠶᠢᠨ 22 ᠳᠦ ᠪᠣᠯᠤᠭᠰᠠᠨ ᠬᠡᠪᠯᠡᠯ ᠦᠨ ᠬᠤᠷᠠᠯ ᠢᠶᠠᠷ ᠮᠣᠩᠭᠣᠯ ᠪᠠᠩᠭᠢᠨ ᠤ ᠶᠡᠷᠦᠩᠬᠡᠶᠢᠯᠡᠭᠴᠢ ᠪ∙ᠯᠾᠬᠠᠪᠠᠰᠦ᠋ᠷᠤᠩ᠄ ᠪᠣᠳᠣᠯᠭ᠎ᠠ ᠶᠢᠨ ᠬᠦᠦ ᠶᠢ ᠣᠭᠴᠣᠮ ᠥᠰᠬᠡᠪᠡᠯ ᠵᠢᠭᠡᠯᠡ ᠣᠯᠭᠣᠯᠲᠠ ᠤᠳᠠᠭᠠᠰᠢᠷᠠᠨ᠎ᠠ᠃ ᠮᠥᠨ ᠡᠳ᠋ ᠦᠨ ᠵᠠᠰᠠᠭ ᠤᠨ ᠥᠰᠦᠯᠲᠡ ᠶᠢ ᠬᠢᠵᠠᠭᠠᠷᠯᠠᠨ᠎ᠠ᠃ ᠡᠶᠢᠮᠦ ᠳᠦ ᠠᠯᠭᠤᠷ ᠥᠰᠬᠡᠬᠦ ᠨᠢ ᠵᠥᠪ᠃ ᠪᠣᠳᠣᠯᠭ᠎ᠠ ᠶᠢᠨ ᠬᠦᠦ ᠲᠥᠭᠥᠷᠢᠭ ᠦᠨ ᠬᠠᠩᠰᠢ ᠲᠠᠢ ᠰᠢᠭᠤᠳ ᠬᠣᠯᠪᠣᠭ᠎ᠠ ᠦᠭᠡᠢ᠃ ᠪᠣᠳᠣᠯᠭ᠎ᠠ ᠶᠢᠨ ᠬᠦᠦ ᠶᠢ ᠥᠰᠬᠡᠭᠰᠡᠨ ᠢᠶᠡᠷ ᠲᠥᠭᠥᠷᠢᠭ ᠦᠨ ᠵᠠᠷᠤᠳᠠᠯ ᠯᠠ ᠥᠰᠥᠨ᠎ᠡ ᠭᠡᠵᠦ ᠪᠠᠢᠭᠰᠠᠨ ᠶᠤᠮ᠃