ᠣᠷᠣᠰ ᠤᠨ ᠡᠯᠴᠢᠨ ᠰᠠᠶᠢᠳ ᠤᠨ ᠶᠠᠮᠤᠨ ᠳᠤ ᠨᠤᠲ ᠪᠢᠴᠢᠭ ᠬᠦᠷᠭᠡᠭᠦᠯᠦᠨ᠎ᠡ | News.MN

ᠣᠷᠣᠰ ᠤᠨ ᠡᠯᠴᠢᠨ ᠰᠠᠶᠢᠳ ᠤᠨ ᠶᠠᠮᠤᠨ ᠳᠤ ᠨᠤᠲ ᠪᠢᠴᠢᠭ ᠬᠦᠷᠭᠡᠭᠦᠯᠦᠨ᠎ᠡ

ᠮᠣᠩᠭᠣᠯ ᠤᠯᠤᠰ ᠲᠤ ᠰᠠᠭᠤᠭ᠎ᠠ ᠣᠷᠣᠰ  ᠤᠨ ᠡᠯᠴᠢᠨ ᠰᠠᠶᠢᠳ ᠤᠨ ᠶᠠᠮᠤᠨ ᠠᠯᠪᠠᠨ ᠶᠣᠰᠣᠨ ᠤ ᠴᠠᠬᠢᠮ ᠬᠠᠭᠤᠳᠠᠰᠤ ᠪᠠᠷ ᠢᠶᠠᠨ 《ᠮᠣᠩᠭᠣᠯ ᠤᠨ ᠠᠷᠠᠳᠴᠢᠯᠠᠭᠰᠠᠨ ᠨᠠᠮ ᠤᠨ ᠭᠡᠰᠢᠭᠦᠳ ᠪᠣᠯᠤᠨ ᠠᠮᠧᠷᠢᠺᠠ ᠶᠢᠨ ᠯᠢᠪᠧᠷᠠᠯ ᠨᠣᠶᠠᠷᠬᠠᠯ ᠢ ᠳᠡᠮᠵᠢᠭᠴᠢᠳ ᠦᠨ ᠠᠩᠬᠠᠷᠤᠯ ᠳᠤ》 ᠭᠡᠰᠡᠨ ᠮᠡᠳᠡᠭᠡᠯᠡᠯ ᠨᠡᠶᠢᠲᠡᠯᠡᠭᠰᠡᠨ ᠨᠢ ᠢᠷᠭᠡᠳ ᠦᠨ ᠳᠤᠮᠳᠠ ᠰᠢᠭᠦᠮᠵᠢᠯᠡᠯ ᠳᠠᠭᠠᠭᠤᠯᠤᠭᠠᠳ ᠪᠠᠶᠢᠨ᠎ᠠ᠃
ᠥᠭᠡᠷ᠎ᠡ ᠪᠡᠷ ᠬᠡᠯᠡᠪᠡᠯ᠂ ᠭᠠᠳᠠᠭᠠᠳᠤ ᠤᠯᠤᠰ ᠤᠨ ᠡᠯᠴᠢᠨ ᠰᠠᠶᠢᠳ ᠤᠨ ᠶᠠᠮᠤᠨ ᠲᠤᠰᠠᠭᠠᠷ ᠤᠯᠤᠰ ᠤᠨ ᠢᠷᠭᠡᠳ᠂ ᠤᠯᠤᠰ ᠲᠦᠷᠦ ᠶᠢᠨ  ᠨᠠᠮ  ᠬᠦᠴᠦᠨ ᠳᠦ ᠬᠠᠨᠳᠤᠵᠤ ᠠᠩᠬᠠᠷᠤᠭᠤᠯᠭ᠎ᠠ ᠭᠠᠷᠭᠠᠭᠰᠠᠨ ᠨᠢ ᠳ᠋ᠢᠫᠯᠣᠮᠠᠲ ᠶᠣᠰᠣᠨ ᠳᠤ ᠨᠡᠶᠢᠴᠡᠬᠦ ᠦᠭᠡᠢ ᠭᠡᠵᠦ ᠣᠯᠠᠨ ᠨᠡᠶᠢᠲᠡ ᠦᠵᠡᠵᠦ ᠪᠤᠢ᠃ ᠠᠷᠠᠳᠴᠢᠯᠠᠭᠰᠠᠨ ᠨᠠᠮ ᠴᠤ ᠳᠡᠭᠡᠷᠡᠬᠢ ᠠᠩᠬᠠᠷᠤᠭᠤᠯᠭ᠎ᠠ ᠶᠢ ᠡᠰᠡᠷᠭᠦᠴᠡᠭᠰᠡᠨ ᠮᠡᠳᠡᠭᠳᠡᠯ ᠭᠠᠷᠭᠠᠵᠠᠢ᠃ ᠡᠨᠡ ᠲᠠᠯ᠎ᠠ ᠪᠠᠷ ᠭᠠᠳᠠᠭᠠᠳᠤ ᠬᠠᠷᠢᠯᠴᠠᠭᠠᠨ ᠤ ᠶᠠᠮᠤᠨ ᠶᠠᠮᠠᠷ ᠪᠠᠶᠢᠷᠢ ᠰᠠᠭᠤᠷᠢ ᠲᠠᠢ ᠪᠠᠶᠢᠭ᠎ᠠ ᠶᠢ ᠲᠣᠳᠣᠷᠠᠭᠤᠯᠬᠤ ᠳᠤ᠄ ᠡᠨᠡ ᠠᠰᠠᠭᠤᠳᠠᠯ ᠢ ᠭᠠᠳᠠᠭᠠᠳᠤ ᠬᠠᠷᠢᠯᠴᠠᠭᠠᠨ ᠤ ᠶᠠᠮᠤᠨ ᠠᠩᠬᠠᠷᠤᠯ ᠳᠤ ᠪᠠᠨ ᠠᠪᠤᠭᠰᠠᠨ᠃ ᠣᠷᠣᠰ ᠤᠨ ᠡᠯᠴᠢᠨ ᠰᠠᠶᠢᠳ ᠤᠨ ᠶᠠᠮᠤᠨ ᠳᠤ ᠨᠤᠲ ᠪᠢᠴᠢᠭ ᠬᠦᠷᠭᠡᠭᠦᠯᠦᠨ᠎ᠡ ᠭᠡᠯ᠎ᠡ᠃

ᠰᠡᠳᠬᠢᠭᠳᠡᠯ ᠦᠯᠡᠳᠡᠭᠡᠬᠦ