ᠡᠨᠡᠳᠬᠡᠭ ᠲᠠᠢ ᠬᠤᠳᠠᠯᠳᠤᠭ᠎ᠠ᠂ ᠲᠧᠭᠨᠣᠯᠣᠭᠢ᠂ ᠠᠶᠠᠯᠠᠯ ᠵᠢᠭᠤᠯᠴᠢᠯᠠᠯ ᠤᠨ ᠬᠠᠮᠲᠤ ᠶᠢᠨ ᠠᠵᠢᠯᠯᠠᠭ᠎ᠠ ᠶᠢ ᠦᠷᠭᠡᠵᠢᠭᠦᠯᠦᠨ᠎ᠡ | News.MN

ᠡᠨᠡᠳᠬᠡᠭ ᠲᠠᠢ ᠬᠤᠳᠠᠯᠳᠤᠭ᠎ᠠ᠂ ᠲᠧᠭᠨᠣᠯᠣᠭᠢ᠂ ᠠᠶᠠᠯᠠᠯ ᠵᠢᠭᠤᠯᠴᠢᠯᠠᠯ ᠤᠨ ᠬᠠᠮᠲᠤ ᠶᠢᠨ ᠠᠵᠢᠯᠯᠠᠭ᠎ᠠ ᠶᠢ ᠦᠷᠭᠡᠵᠢᠭᠦᠯᠦᠨ᠎ᠡ

ᠮᠣᠩᠭᠣᠯ ᠤᠨ ᠬᠤᠳᠠᠯᠳᠤᠭ᠎ᠠ ᠠᠵᠤ ᠦᠢᠯᠡᠳᠪᠦᠷᠢ ᠶᠢᠨ ᠲᠠᠩᠬᠢᠮ᠂ ᠡᠨᠡᠳᠬᠡᠭ ᠤᠯᠤᠰ ᠤᠨ ᠡᠯᠴᠢᠨ ᠰᠠᠶᠢᠳ ᠤᠨ ᠶᠠᠮᠤᠨ  ᠬᠠᠮᠲᠤᠷᠠᠵᠤ ᠵᠣᠬᠢᠶᠠᠨ ᠪᠠᠶᠢᠭᠤᠯᠵᠤ ᠪᠤᠢ《ᠮᠣᠩᠭᠣᠯ ᠂ ᠡᠨᠡᠳᠬᠡᠭ ᠦᠨ ᠬᠤᠳᠠᠯᠳᠤᠭ᠎ᠠ᠂ ᠲᠧᠭᠨᠣᠯᠣᠭᠢ᠂ ᠠᠶᠠᠯᠠᠯ ᠵᠢᠭᠤᠯᠴᠢᠯᠠᠯ ᠤᠨ ᠬᠠᠮᠲᠤ ᠶᠢᠨ ᠠᠵᠢᠯᠯᠠᠭ᠎ᠠ ᠶᠢ ᠥᠷᠭᠡᠵᠢᠭᠦᠯᠬᠦ ᠪᠢᠽᠢᠨᠧᠰ ᠬᠡᠯᠡᠯᠴᠡᠭᠦᠯᠭᠡ》ᠥᠨᠥᠳᠥᠷ ᠵᠣᠬᠢᠶᠠᠨ ᠪᠠᠶᠢᠭᠤᠯᠤᠭᠳᠠᠵᠤ ᠪᠠᠶᠢᠨ᠎ᠠ᠃
ᠠᠷᠭ᠎ᠠ ᠬᠡᠮᠵᠢᠶᠡᠨ ᠳᠦ ᠮᠣᠩᠭᠣᠯ ᠤᠯᠤᠰ ᠲᠤ ᠰᠠᠭᠤᠭ᠎ᠠ ᠡᠨᠡᠳᠬᠡᠭ ᠦᠨ ᠡᠯᠴᠢᠨ ᠰᠠᠶᠢᠳ ᠮ∙ᠫ∙ᠰᠢᠩᠾ᠂ ᠮᠣᠩᠭᠣᠯ ᠤᠨ ᠦᠨᠳᠦᠰᠦᠨ ᠦ ᠬᠤᠳᠠᠯᠳᠤᠭ᠎ᠠ ᠠᠵᠤ ᠦᠢᠯᠡᠳᠪᠦᠷᠢ ᠶᠢᠨ ᠲᠠᠩᠬᠢᠮ ᠤᠨ ᠶᠡᠷᠦᠩᠬᠡᠶᠢᠯᠡᠭᠴᠢ ᠣ᠊∙ᠠᠮᠤᠷᠲᠦ᠋ᠪᠰᠢᠨ ᠪᠣᠯᠤᠨ ᠡᠨᠡᠳᠬᠡᠭ ᠲᠦ ᠰᠠᠭᠤᠭ᠎ᠠ ᠮᠣᠩᠭᠣᠯ ᠤᠯᠤᠰ ᠤᠨ ᠡᠯᠴᠢᠨ᠂ ᠪᠤᠰᠤᠳ ᠠᠯᠪᠠᠨ ᠤ ᠲᠥᠯᠥᠭᠡᠯᠡᠭᠴᠢ ᠨᠠᠷ᠂ 100 ᠭᠠᠷᠤᠢ ᠬᠠᠮᠢᠶᠠᠷᠤᠯ ᠪᠦᠬᠦᠢ ᠪᠠᠶᠢᠭᠤᠯᠤᠯᠭ᠎ᠠ ᠴᠠᠬᠢᠮ ᠢᠶᠠᠷ ᠪᠣᠯᠤᠨ ᠲᠠᠩᠬᠢᠮ ᠢᠶᠠᠷ ᠣᠷᠣᠯᠴᠠᠵᠤ ᠪᠠᠶᠢᠭ᠎ᠠ ᠶᠤᠮ᠃
ᠮᠣᠩᠭᠣᠯ ᠤᠯᠤᠰ ᠠᠴᠠ 2021 ᠣᠨ ᠳᠤ ᠡᠨᠡᠳᠬᠡᠭ ᠤᠯᠤᠰ ᠲᠤ ᠮᠠᠯ ᠤᠨ ᠦᠰᠦ᠂ ᠬᠢᠯᠭᠠᠰᠤ᠂ ᠦᠬᠡᠷ᠂ ᠠᠳᠤᠭᠤᠨ ᠤ ᠰᠢᠷᠢ᠂ ᠪᠠᠭᠠᠵᠢ ᠬᠡᠷᠡᠭᠰᠡᠯ ᠡᠺᠰᠫᠣᠷᠲᠯᠠᠭᠰᠠᠨ ᠪᠣᠯ ᠡᠨᠡᠳᠬᠡᠭ ᠤᠯᠤᠰ ᠠᠴᠠ ᠡᠯᠡᠰᠦᠨ ᠰᠢᠬᠢᠷ᠂ ᠲᠣᠨᠣᠭ ᠲᠥᠬᠥᠭᠡᠷᠦᠮᠵᠢ᠂ ᠠᠴᠢᠶᠠᠨ ᠤ ᠮᠠᠰᠢᠨ ᠲᠡᠷᠭᠡ ᠵᠡᠷᠭᠡ ᠪᠦᠲᠦᠭᠡᠭᠳᠡᠬᠦᠨ ᠢ ᠨᠡᠶᠢᠯᠡᠭᠦᠯᠦᠭᠰᠡᠨ ᠪᠠᠶᠢᠨ᠎ᠠ᠃ ᠴᠢᠨᠠᠭᠰᠢᠳᠠ ᠬᠠᠮᠲᠤ ᠶᠢᠨ ᠠᠵᠢᠯᠯᠠᠭ᠎ᠠ ᠪᠠᠨ ᠤᠯᠠᠮ ᠥᠷᠭᠡᠵᠢᠭᠦᠯᠬᠦ ᠵᠣᠷᠢᠯᠭ᠎ᠠ ᠲᠠᠢ ᠪᠢᠽᠢᠨᠧᠰ ᠬᠡᠯᠡᠯᠴᠡᠭᠦᠯᠭᠡ ᠡᠬᠢᠯᠡᠯ᠎ᠡ᠃

ᠰᠡᠳᠬᠢᠭᠳᠡᠯ ᠦᠯᠡᠳᠡᠭᠡᠬᠦ