ᠤᠷᠤᠨ ᠨᠤᠲᠤᠭ ᠲᠤ 3 * 3 ᠮᠡᠷᠭᠡᠵᠢᠯ ᠤᠨ ᠰᠠᠭᠰᠤᠨ ᠪᠥᠮᠪᠦᠭᠡ ᠶᠢᠨ ᠲᠡᠮᠡᠴᠡᠭᠡᠨ ᠪᠤᠯᠵᠤ ᠪᠠᠢᠨ᠎ᠠ | News.MN

ᠤᠷᠤᠨ ᠨᠤᠲᠤᠭ ᠲᠤ 3 * 3 ᠮᠡᠷᠭᠡᠵᠢᠯ ᠤᠨ ᠰᠠᠭᠰᠤᠨ ᠪᠥᠮᠪᠦᠭᠡ ᠶᠢᠨ ᠲᠡᠮᠡᠴᠡᠭᠡᠨ ᠪᠤᠯᠵᠤ ᠪᠠᠢᠨ᠎ᠠ

ᠰᠠᠭᠰᠤᠨ ᠪᠥᠮᠪᠦᠭᠡ ᠶᠢᠨ ᠰᠫᠣᠷᠲ ᠢ ᠲᠦᠭᠡᠭᠡᠨ ᠳᠡᠯᠭᠡᠷᠡᠭᠦᠯᠬᠦ ᠡᠭᠦᠳᠡᠨ ᠡᠴᠡ ᠮᠣᠩᠭᠣᠯ ᠤᠨ ᠦᠨᠳᠦᠰᠦᠨ ᠤ ᠰᠠᠭᠰᠤᠨ ᠪᠥᠮᠪᠦᠭᠡ ᠶᠢᠨ ᠬᠤᠯᠪᠣᠭ᠎ᠠ ᠪᠤᠯᠦᠠ ᠡᠨᠧᠷᠭᠢ 3 * 3 ᠮᠡᠷᠭᠡᠵᠢᠯ ᠤᠨ ᠰᠠᠭᠰᠤᠨ ᠪᠥᠮᠪᠦᠭᠡ ᠶᠢᠨ ᠺᠯᠦ᠋ᠫ ᠤᠳ ᠬᠠᠮᠲᠤᠷᠠᠨ 18 ᠨᠠᠰᠤᠨ ᠡᠴᠡ ᠳᠡᠭᠡᠭᠰᠢᠬᠢ ᠡᠷᠡᠭᠲᠡᠶᠢᠴᠦᠳ ᠤᠨ︽ᠡᠨᠧᠷᠭᠢ 3 * 3  ᠯᠢᠭ 2022︾ᠰᠠᠭᠰᠤᠨ ᠪᠥᠮᠪᠦᠭᠡ ᠶᠢᠨ ᠠᠪᠤᠷᠭᠤ ᠰᠢᠯᠭᠠᠷᠠᠭᠤᠯᠬᠤ ᠲᠡᠮᠡᠴᠡᠭᠡᠨ ᠢ ᠰᠡᠯᠡᠩᠭᠡ ᠠᠶᠢᠮᠠᠭ  ᠲᠤ ᠵᠣᠬᠢᠶᠠᠨ ᠪᠠᠶᠢᠭᠤᠯᠵᠤ ᠪᠠᠶᠢᠭ᠎ᠠ  ᠠᠵᠠᠢ᠃
ᠰᠠᠭᠰᠤᠨ ᠪᠥᠮᠪᠦᠭᠡ ᠶᠢᠨ ᠰᠫᠣᠷᠲ ᠢ ᠲᠦᠭᠡᠭᠡᠨ ᠳᠡᠯᠭᠡᠷᠡᠭᠦᠯᠬᠦ᠂ ᠵᠠᠯᠠᠭᠤᠰ ᠤᠨ 
ᠬᠦᠰᠡᠯ  ᠲᠡᠮᠡᠦᠯᠦᠯ ᠢ ᠬᠥᠭᠵᠢᠭᠦᠯᠬᠦ ᠵᠣᠷᠢᠯᠭ᠎ᠠ ᠲᠠᠢ  ᠭᠤᠷᠪᠠᠳᠠᠬᠢ ᠵᠢᠯ ᠳᠤ ᠪᠠᠨ ᠵᠣᠬᠢᠶᠠᠨ ᠪᠠᠶᠢᠭᠤᠯᠵᠤ ᠪᠤᠶ ᠲᠤᠰ ᠲᠡᠮᠡᠴᠡᠭᠡᠨ ᠡᠨᠡ ᠵᠢᠯ ᠠᠴᠠ ᠬᠦᠷᠢᠶ᠎ᠡ ᠪᠠᠨ ᠲᠡᠯᠡᠵᠦ ᠪᠦᠰᠡᠴᠢᠯᠡᠭᠰᠡᠨ ᠪᠠᠶᠢᠳᠠᠯ ᠢᠶᠠᠷ ᠣᠷᠣᠨ ᠨᠤᠲᠤᠭ ᠲᠤ ᠪᠣᠯᠵᠤ ᠪᠠᠶᠢᠨ᠎ᠡ᠃ ᠲᠡᠮᠡᠴᠡᠭᠡᠨ ᠳᠤ 19 ᠪᠠᠭ ᠬᠦᠴᠦ ᠲᠡᠩᠴᠡᠭᠦᠤ ᠰᠢᠷᠦᠭᠦᠬᠡᠨ ᠥᠷᠢᠰᠦᠯᠳᠦᠵᠦ ᠪᠠᠶᠢᠨ᠎ᠡ᠃  ᠡᠨᠡ ᠬᠦ ᠠᠶᠢᠮᠠᠭ ᠤᠨ ᠠᠪᠤᠷᠭᠤ ᠰᠢᠯᠭᠠᠷᠠᠭᠤᠯᠬᠤ ᠲᠡᠮᠡᠴᠡᠭᠡᠨ ᠠᠴᠠ ᠰᠢᠯᠭᠠᠷᠠᠭᠰᠠᠨ ᠬᠤᠶᠠᠷ ᠪᠠᠭ︽ᠡᠨᠧᠷᠭᠢ 3 * 3  ᠯᠢᠭ ᠳᠠᠷᠬᠠᠨ  ᠰᠲ᠋ᠤᠫ – 1︾ᠲᠡᠮᠡᠴᠡᠭᠡᠨ ᠳᠤ ᠤᠷᠦᠯᠴᠡᠬᠤ ᠡᠷᠬᠡ ᠲᠠᠢ ᠪᠣᠯᠬᠤ  ᠶᠤᠮ᠃ ᠲᠡᠮᠡᠴᠡᠭᠡᠨ ᠤ ᠡᠴᠦᠰ ᠦᠨ ᠢᠯᠠᠭᠴᠢ ᠪᠠᠭ ᠮᠠᠨᠢᠯᠠ ᠬᠤᠲᠠ ᠳᠤ ᠪᠣᠯᠬᠤ︽FIBA 3 * 3 WORLD TOUR︾ᠮᠡᠷᠭᠡᠵᠢᠯ ᠤᠨ ᠲᠡᠮᠡᠴᠡᠭᠡᠨ ᠳᠤ ᠤᠷᠦᠯᠴᠡᠬᠤ ᠡᠷᠬᠡ ᠲᠠᠢ ᠪᠣᠯᠬᠤ  ᠠᠵᠠᠢ᠃

ᠰᠡᠳᠬᠢᠭᠳᠡᠯ ᠦᠯᠡᠳᠡᠭᠡᠬᠦ