ᠠᠭᠤᠯᠠ ᠠᠭᠤᠷᠬᠠᠢ ᠠᠴᠠ ᠲᠣᠭᠲᠠᠪᠤᠷᠢ ᠲᠠᠢ ᠪᠠᠷ ᠣᠷᠣᠯᠭ᠎ᠠ ᠣᠯᠵᠤ ᠡᠬᠢᠯᠡᠭᠰᠡᠨ 2004 ᠣᠨ ᠠᠴᠠ ᠬᠤᠶᠢᠰᠢ ᠮᠣᠩᠭᠤᠯ ᠤᠯᠤᠰ 28 ᠲᠡᠷᠪᠤᠮ ᠳ᠋ᠣᠯᠯᠠᠷ ᠲᠠᠢ ᠲᠡᠩᠴᠡᠬᠦ ᠬᠡᠮᠵᠢᠶᠡᠨ ᠤ ᠠᠭᠤᠯᠠ ᠠᠭᠤᠷᠬᠠᠢ ᠶᠢᠨ ᠪᠦᠲᠦᠭᠡᠭᠳᠡᠬᠦᠨ ᠦᠢᠯᠡᠳᠪᠤᠷᠢᠯᠡᠭᠰᠡᠨ ᠢ ᠨᠢᠭᠡᠳᠦᠭᠰᠡᠨ ᠦᠨᠳᠦᠰᠦᠨ ᠤ ᠪᠠᠶᠢᠭᠤᠯᠤᠯᠭ᠎ᠠ ᠠᠴᠠ ᠭᠠᠷᠭᠠᠭᠰᠠᠨ ᠲᠠᠢᠯᠤᠨ ᠳᠤ ᠳᠤᠷᠠᠳᠤᠭᠰᠠᠨ ᠪᠠᠶᠢᠨ᠎ᠡ᠃ ᠰᠡᠭᠦᠯ ᠤᠨ 15 ᠵᠢᠯ ᠳᠤ ᠲᠠᠲᠠᠪᠤᠷᠢ᠂ ᠪᠠᠶᠢᠭᠠᠯᠢ ᠶᠢᠨ ᠨᠥᠭᠡᠴᠡ ᠠᠰᠢᠭᠯᠠᠭᠰᠠᠨ ᠤ ᠲᠥᠯᠥᠪᠦᠷᠢ ᠶᠢᠨ ᠣᠷᠣᠯᠭ᠎ᠠ ᠬᠡᠯᠪᠡᠷᠢ ᠪᠠᠷ ᠶᠢᠰᠤᠨ ᠲᠡᠷᠪᠤᠮ ᠳ᠋ᠣᠯᠯᠠᠷ ᠲᠥᠪᠯᠡᠷᠡᠭᠦᠯᠵᠡᠢ᠃
ᠮᠦᠨ ᠵᠠᠰᠠᠭ ᠤᠨ ᠭᠠᠵᠠᠷ ᠭᠤᠣᠯ ᠲᠥᠯᠥᠪ ᠪᠠᠶᠢᠭᠠᠯᠢ ᠶᠢᠨ ᠪᠠᠶᠠᠯᠢᠭ ᠤᠨ ᠣᠷᠣᠯᠭ᠎ᠠ ᠪᠠᠨ ᠪᠠᠷᠢᠴᠠᠭᠠᠯᠠᠨ 8.7 ᠲᠡᠷᠪᠤᠮ ᠳ᠋ᠣᠯᠯᠠᠷ ᠤᠨ ᠵᠢᠭᠡᠯᠡ ᠠᠪᠴᠠᠢ᠃ ᠮᠣᠩᠭᠤᠯ ᠤᠯᠤᠰ ᠠᠭᠤᠯᠠ ᠠᠭᠤᠷᠬᠠᠢ ᠶᠢᠨ ᠤᠷᠤᠯᠭ᠎ᠠ ᠶᠢᠨ ᠢᠶᠠᠨ ᠳᠡᠶᠢᠯᠦᠩᠬᠢ ᠶᠢ ᠬᠡᠷᠡᠭᠯᠡᠭᠡᠳ ᠵᠣᠭᠰᠣᠬᠤ ᠦᠭᠡᠢ ᠢᠷᠡᠭᠡᠳᠦᠢ ᠶᠢᠨ ᠣᠷᠣᠯᠭ᠎ᠠ ᠪᠠᠨ ᠪᠠᠷᠢᠴᠠᠭᠠᠯᠠᠨ ᠶᠡᠭᠡ ᠬᠡᠮᠵᠢᠶᠡᠨ ᠤ ᠵᠢᠭᠡᠯᠡ ᠠᠪᠴᠤ ᠪᠠᠶᠢᠭ᠎ᠠ ᠠᠵᠠᠢ᠃ ᠮᠣᠩᠭᠤᠯ ᠤᠯᠤᠰ ᠰᠡᠭᠦᠯ ᠤᠨ 20 ᠭᠠᠷᠦᠢ ᠵᠢᠯ ᠤᠨ ᠬᠤᠭᠤᠴᠠᠭᠠᠨ ᠳᠤ ᠠᠭᠤᠯᠠ ᠠᠭᠤᠷᠬᠠᠢ ᠶᠢᠨ ᠣᠷᠣᠯᠭ᠎ᠠ ᠶᠢᠨ ᠨᠢᠭᠡ ᠳ᠋ᠣᠯᠯᠠᠷ ᠲᠤᠲᠤᠮ ᠤᠨ 99 ᠼᠧᠨᠲ ᠢ ᠨᠢ ᠬᠡᠷᠡᠭᠯᠡᠵᠦ᠂ ᠨᠢᠭᠡ ᠼᠧᠨᠲ ᠢ ᠨᠢ ᠯᠡ ᠬᠤᠷᠠᠮᠳᠤᠭᠤᠯᠤᠭᠰᠠᠨ ᠪᠠᠶᠢᠨ᠎ᠡ᠃