ᠮᠣᠩᠭᠤᠯ ᠤᠯᠤᠰ ᠪᠠᠶᠢᠭᠠᠯᠢ ᠶᠢᠨ ᠪᠠᠶᠠᠯᠢᠭ ᠤᠨ ᠣᠷᠣᠯᠭ᠎ᠠ ᠪᠠᠨ ᠪᠠᠷᠢᠴᠠᠭᠠᠯᠠᠨ 8.7 ᠲᠡᠷᠪᠤᠮ ᠳ᠋ᠤᠯᠯᠠᠷ ᠤᠨ ᠵᠢᠭᠡᠯᠡ ᠠᠪᠴᠠᠢ | News.MN

ᠮᠣᠩᠭᠤᠯ ᠤᠯᠤᠰ ᠪᠠᠶᠢᠭᠠᠯᠢ ᠶᠢᠨ ᠪᠠᠶᠠᠯᠢᠭ ᠤᠨ ᠣᠷᠣᠯᠭ᠎ᠠ ᠪᠠᠨ ᠪᠠᠷᠢᠴᠠᠭᠠᠯᠠᠨ 8.7 ᠲᠡᠷᠪᠤᠮ ᠳ᠋ᠤᠯᠯᠠᠷ ᠤᠨ ᠵᠢᠭᠡᠯᠡ ᠠᠪᠴᠠᠢ

ᠠᠭᠤᠯᠠ ᠠᠭᠤᠷᠬᠠᠢ ᠠᠴᠠ ᠲᠣᠭᠲᠠᠪᠤᠷᠢ ᠲᠠᠢ ᠪᠠᠷ ᠣᠷᠣᠯᠭ᠎ᠠ ᠣᠯᠵᠤ ᠡᠬᠢᠯᠡᠭᠰᠡᠨ 2004 ᠣᠨ ᠠᠴᠠ ᠬᠤᠶᠢᠰᠢ ᠮᠣᠩᠭᠤᠯ ᠤᠯᠤᠰ 28 ᠲᠡᠷᠪᠤᠮ ᠳ᠋ᠣᠯᠯᠠᠷ ᠲᠠᠢ ᠲᠡᠩᠴᠡᠬᠦ ᠬᠡᠮᠵᠢᠶᠡᠨ ᠤ  ᠠᠭᠤᠯᠠ ᠠᠭᠤᠷᠬᠠᠢ ᠶᠢᠨ ᠪᠦᠲᠦᠭᠡᠭᠳᠡᠬᠦᠨ ᠦᠢᠯᠡᠳᠪᠤᠷᠢᠯᠡᠭᠰᠡᠨ ᠢ  ᠨᠢᠭᠡᠳᠦᠭᠰᠡᠨ ᠦᠨᠳᠦᠰᠦᠨ ᠤ ᠪᠠᠶᠢᠭᠤᠯᠤᠯᠭ᠎ᠠ ᠠᠴᠠ ᠭᠠᠷᠭᠠᠭᠰᠠᠨ ᠲᠠᠢᠯᠤᠨ ᠳᠤ ᠳᠤᠷᠠᠳᠤᠭᠰᠠᠨ ᠪᠠᠶᠢᠨ᠎ᠡ᠃ ᠰᠡᠭᠦᠯ ᠤᠨ 15 ᠵᠢᠯ ᠳᠤ ᠲᠠᠲᠠᠪᠤᠷᠢ᠂ ᠪᠠᠶᠢᠭᠠᠯᠢ ᠶᠢᠨ ᠨᠥᠭᠡᠴᠡ ᠠᠰᠢᠭᠯᠠᠭᠰᠠᠨ ᠤ ᠲᠥᠯᠥᠪᠦᠷᠢ ᠶᠢᠨ ᠣᠷᠣᠯᠭ᠎ᠠ ᠬᠡᠯᠪᠡᠷᠢ ᠪᠠᠷ ᠶᠢᠰᠤᠨ ᠲᠡᠷᠪᠤᠮ ᠳ᠋ᠣᠯᠯᠠᠷ ᠲᠥᠪᠯᠡᠷᠡᠭᠦᠯᠵᠡᠢ᠃
ᠮᠦᠨ ᠵᠠᠰᠠᠭ ᠤᠨ ᠭᠠᠵᠠᠷ ᠭᠤᠣᠯ  ᠲᠥᠯᠥᠪ ᠪᠠᠶᠢᠭᠠᠯᠢ ᠶᠢᠨ ᠪᠠᠶᠠᠯᠢᠭ ᠤᠨ ᠣᠷᠣᠯᠭ᠎ᠠ ᠪᠠᠨ ᠪᠠᠷᠢᠴᠠᠭᠠᠯᠠᠨ 8.7 ᠲᠡᠷᠪᠤᠮ ᠳ᠋ᠣᠯᠯᠠᠷ ᠤᠨ ᠵᠢᠭᠡᠯᠡ ᠠᠪᠴᠠᠢ᠃  ᠮᠣᠩᠭᠤᠯ  ᠤᠯᠤᠰ  ᠠᠭᠤᠯᠠ ᠠᠭᠤᠷᠬᠠᠢ ᠶᠢᠨ  ᠤᠷᠤᠯᠭ᠎ᠠ ᠶᠢᠨ ᠢᠶᠠᠨ ᠳᠡᠶᠢᠯᠦᠩᠬᠢ ᠶᠢ ᠬᠡᠷᠡᠭᠯᠡᠭᠡᠳ ᠵᠣᠭᠰᠣᠬᠤ ᠦᠭᠡᠢ ᠢᠷᠡᠭᠡᠳᠦᠢ ᠶᠢᠨ ᠣᠷᠣᠯᠭ᠎ᠠ ᠪᠠᠨ ᠪᠠᠷᠢᠴᠠᠭᠠᠯᠠᠨ ᠶᠡᠭᠡ ᠬᠡᠮᠵᠢᠶᠡᠨ ᠤ ᠵᠢᠭᠡᠯᠡ ᠠᠪᠴᠤ ᠪᠠᠶᠢᠭ᠎ᠠ ᠠᠵᠠᠢ᠃ ᠮᠣᠩᠭᠤᠯ  ᠤᠯᠤᠰ ᠰᠡᠭᠦᠯ ᠤᠨ 20 ᠭᠠᠷᠦᠢ ᠵᠢᠯ ᠤᠨ ᠬᠤᠭᠤᠴᠠᠭᠠᠨ ᠳᠤ  ᠠᠭᠤᠯᠠ ᠠᠭᠤᠷᠬᠠᠢ ᠶᠢᠨ ᠣᠷᠣᠯᠭ᠎ᠠ ᠶᠢᠨ ᠨᠢᠭᠡ ᠳ᠋ᠣᠯᠯᠠᠷ ᠲᠤᠲᠤᠮ ᠤᠨ 99 ᠼᠧᠨᠲ ᠢ ᠨᠢ ᠬᠡᠷᠡᠭᠯᠡᠵᠦ᠂  ᠨᠢᠭᠡ ᠼᠧᠨᠲ ᠢ ᠨᠢ ᠯᠡ  ᠬᠤᠷᠠᠮᠳᠤᠭᠤᠯᠤᠭᠰᠠᠨ ᠪᠠᠶᠢᠨ᠎ᠡ᠃

ᠰᠡᠳᠬᠢᠭᠳᠡᠯ ᠦᠯᠡᠳᠡᠭᠡᠬᠦ