ᠬᠢᠲᠠᠳ  ᠤᠨ ᠭᠠᠳᠠᠭᠠᠳᠤ ᠬᠡᠷᠡᠭ ᠤᠨ ᠰᠠᠶᠢᠳ ᠲᠠᠢ ᠤᠲᠠᠰᠤ ᠪᠠᠷ ᠶᠠᠷᠢᠪᠠ | News.MN

ᠬᠢᠲᠠᠳ  ᠤᠨ ᠭᠠᠳᠠᠭᠠᠳᠤ ᠬᠡᠷᠡᠭ ᠤᠨ ᠰᠠᠶᠢᠳ ᠲᠠᠢ ᠤᠲᠠᠰᠤ ᠪᠠᠷ ᠶᠠᠷᠢᠪᠠ

ᠭᠠᠳᠠᠭᠠᠳᠤ ᠬᠠᠷᠢᠯᠴᠠᠭᠠᠨ ᠤ ᠰᠠᠶᠢᠳ ᠪ∙ᠪᠠᠲᠤᠴᠡᠴᠡᠭ᠂ ᠬᠢᠲᠠᠳ  ᠤᠨ ᠭᠠᠳᠠᠭᠠᠳᠤ ᠬᠡᠷᠡᠭ ᠤᠨ ᠰᠠᠶᠢᠳ ᠸᠠᠩ ᠢ ᠲᠠᠢ ᠤᠲᠠᠰᠤ ᠪᠠᠷ ᠶᠠᠷᠢᠵᠤ᠂ ᠬᠢᠯᠢ ᠶᠢᠨ ᠪᠣᠭᠤᠮᠲᠠ ᠨᠤᠭᠤᠳ ᠢ ᠨᠡᠭᠡᠭᠡᠬᠦ᠂ ᠡᠺᠰᠫᠣᠷᠲ ᠢᠮᠫᠣᠷᠲ ᠢ ᠨᠡᠮᠡᠭᠳᠡᠭᠦᠯᠬᠦ ᠠᠰᠠᠭᠤᠳᠠᠯ ᠢᠶᠠᠷ ᠳᠡᠯᠭᠡᠷᠡᠩᠭᠦᠢ ᠰᠠᠨᠠᠯ ᠰᠣᠯᠢᠯᠴᠠᠵᠠᠢ᠃ ᠮᠣᠩᠭᠤᠯ᠂ ᠬᠢᠲᠠᠳ ᠤᠨ ᠬᠢᠯᠢ ᠶᠢᠨ ᠠᠵᠢᠯᠯᠠᠵᠤ ᠪᠠᠶᠢᠭ᠎ᠠ ᠪᠣᠭᠤᠮᠲᠠ ᠨᠤᠭᠤᠳ ᠢᠶᠠᠷ ᠬᠢᠭᠳᠡᠵᠦ ᠪᠤᠶ ᠡᠺᠰᠫᠣᠷᠲ᠂ ᠢᠮᠫᠣᠷᠲ ᠤᠨ ᠬᠡᠮᠵᠢᠶ᠎ᠡ ᠶᠢ ᠡᠷᠡᠰ ᠨᠡᠮᠡᠭᠳᠡᠭᠦᠯᠬᠦ᠂ ᠬᠠᠯᠳᠠᠪᠤᠷᠢ ᠬᠠᠮᠠᠭᠠᠯᠠᠯ ᠤᠨ ᠳᠢᠭᠯᠢᠮ ᠢ ᠰᠠᠶᠢᠵᠢᠷᠠᠭᠤᠯᠬᠤ᠂ ᠬᠠᠭᠠᠭᠳᠠᠭᠰᠠᠨ ᠬᠢᠯᠢ ᠶᠢᠨ ᠪᠤᠰᠤᠳ ᠪᠣᠭᠤᠮᠲᠠ ᠶᠢ ᠦᠶ᠎ᠡ ᠱᠠᠲᠤ ᠲᠠᠢ ᠪᠠᠷ ᠨᠡᠭᠡᠭᠡᠬᠦ᠂ ᠠᠴᠢᠶ᠎ᠠ ᠲᠡᠭᠡᠭᠡᠪᠦᠷᠢ ᠶᠢᠨ ᠬᠥᠳᠡᠯᠭᠡᠭᠡᠨ ᠢ ᠰᠡᠷᠭᠦᠭᠡᠬᠦ᠂ ᠲᠢᠶᠠᠨᠵᠢᠨ ᠪᠣᠭᠤᠮᠲᠠ ᠳᠤ ᠪᠠᠶᠢᠭ᠎ᠠ  ᠴᠢᠩᠭᠡᠯᠢᠭ ᠤᠳ ᠢ ᠶᠠᠭᠠᠷᠠᠯ ᠲᠠᠢ ᠲᠠᠲᠠᠨ ᠠᠪᠬᠤ᠂ ᠡᠨᠡ ᠠᠰᠠᠭᠤᠳᠠᠯ ᠢ ᠰᠢᠶᠳᠪᠦᠷᠢᠯᠡᠬᠦ ᠬᠦᠷᠢᠶᠡᠨ ᠳᠤ ᠪᠣᠯᠤᠮᠵᠢᠲᠤ ᠪᠤᠰᠤᠳ ᠳᠠᠯᠠᠢ ᠶᠢᠨ ᠪᠣᠭᠤᠮᠲᠠ ᠶᠢ ᠠᠰᠢᠭᠯᠠᠬᠤ ᠰᠠᠨᠠᠯ ᠢ ᠮᠠᠨ ᠤ ᠲᠠᠯ᠎ᠠ ᠠᠴᠠ ᠲᠠᠯᠪᠢᠭᠰᠠᠨ ᠪᠠᠶᠢᠨ᠎ᠡ᠃
ᠸᠠᠩ ᠢ ᠬᠢᠯᠢ ᠶᠢᠨ ᠪᠣᠭᠤᠮᠲᠠ ᠶᠢᠨ ᠦᠶᠯᠡ ᠠᠵᠢᠯᠯᠠᠭ᠎ᠠ ᠨᠢ ᠮᠣᠩᠭᠤᠯ ᠤᠯᠤᠰ ᠤᠨ ᠬᠤᠪᠢ ᠳᠤ ᠡᠩ ᠲᠡᠷᠢᠭᠦᠨ ᠤ ᠲᠤᠯᠭᠠᠮᠳᠠᠭᠰᠠᠨ ᠠᠰᠠᠭᠤᠳᠠᠯ ᠭᠡᠳᠡᠭ ᠢ ᠣᠶᠢᠯᠠᠭᠠᠵᠤ ᠪᠤᠢ ᠪᠠᠨ ᠢᠯᠡᠷᠬᠡᠶᠢᠯᠡᠭᠡᠳ᠂ ᠬᠢᠯᠢ ᠶᠢᠨ ᠪᠣᠭᠤᠮᠲᠠ ᠨᠤᠭᠤᠳ ᠤᠨ ᠬᠡᠪ ᠤᠨ ᠦᠶᠯᠡ ᠠᠵᠢᠯᠯᠠᠭ᠎ᠠ ᠶᠢ ᠬᠠᠩᠭᠠᠬᠤ᠂ ᠢᠮᠫᠣᠷᠲ ᠢ ᠨᠡᠮᠡᠭᠳᠡᠭᠦᠯᠬᠦ ᠴᠢᠭᠯᠡᠯ ᠢᠶᠠᠷ ᠬᠢᠲᠠᠳ ᠤᠨ ᠵᠠᠰᠠᠭ ᠤᠨ ᠭᠠᠵᠠᠷ ᠠᠴᠠ ᠱᠠᠲᠤ ᠳᠠᠷᠠᠭ᠎ᠠ ᠲᠠᠢ ᠠᠷᠭ᠎ᠠ ᠭᠡᠮᠵᠢᠶ᠎ᠠ ᠠᠪᠴᠤ ᠪᠠᠶᠢᠭ᠎ᠠ ᠪᠥᠭᠡᠳ ᠣᠶᠢᠷ᠎ᠠ ᠶᠢᠨ ᠦᠶ᠎ᠡ ᠳᠤ ᠬᠠᠭᠠᠭᠳᠠᠭᠰᠠᠨ ᠵᠠᠷᠢᠮ ᠪᠣᠭᠤᠮᠲᠠ ᠨᠤᠭᠤᠳ ᠤᠨ ᠦᠶᠯᠡ ᠠᠵᠢᠯᠯᠠᠭ᠎ᠠ ᠶᠢ ᠰᠡᠷᠭᠦᠭᠡᠬᠦ᠂ ᠪᠣᠭᠤᠮᠲᠠ ᠶᠢᠨ ᠪᠦᠲᠦᠭᠡᠨ ᠪᠠᠶᠢᠭᠤᠯᠤᠯᠲᠠ ᠶᠢ ᠰᠠᠶᠢᠵᠢᠷᠠᠭᠤᠯᠬᠤ ᠴᠢᠭᠯᠡᠯ ᠢᠶᠠᠷ ᠠᠵᠢᠯᠯᠠᠵᠤ ᠪᠠᠶᠢᠭ᠎ᠠ ᠪᠠᠨ ᠬᠡᠯᠡᠵᠡᠢ᠃ ᠲᠣᠳᠣᠷᠠᠭᠤᠯᠪᠠᠯ᠂  ᠴᠡᠭᠡ᠂  ᠯᠤᠤ ᠶᠸ ᠮᠢᠶᠤᠤ ᠪᠣᠭᠤᠮᠲᠠ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠠᠮᠵᠢᠯᠲᠠᠲᠠᠶ ᠶᠠᠪᠤᠭᠳᠠᠵᠤ ᠪᠤᠢ ᠶᠢ ᠳᠤᠷᠠᠳᠤᠭᠠᠳ᠂ ᠣᠶᠢᠷ᠎ᠠ ᠶᠢᠨ ᠦᠶ᠎ᠡ ᠳᠤ ᠨᠡᠭᠡᠭᠡᠬᠦ ᠪᠣᠯᠣᠮᠵᠢ ᠪᠦᠷᠢᠳᠦᠭᠰᠡᠨ ᠢ ᠮᠡᠳᠡᠭᠳᠡᠭᠰᠡᠨ ᠪᠠᠶᠢᠨ᠎ᠡ᠃ ᠮᠦᠠ ᠭᠠᠰᠢᠭᠤᠨᠰᠤᠬᠠᠢᠲᠤ ᠪᠣᠭᠤᠮᠲᠠ ᠳᠤ ᠠᠴᠢᠶ᠎ᠠ ᠲᠡᠭᠡᠭᠡᠪᠦᠷᠢ ᠭᠦᠢᠴᠡᠳᠬᠡᠵᠦ ᠪᠤᠶ ᠵᠢᠯᠤᠭᠤᠴᠢ ᠨᠠᠷ ᠠᠴᠠ 92 ᠬᠠᠯᠳᠠᠪᠤᠷᠢ ᠶᠢᠨ ᠲᠣᠬᠢᠶᠠᠯᠳᠤᠯ ᠭᠠᠷᠤᠭᠰᠠᠨ ᠢ ᠣᠨᠴᠠᠯᠠᠵᠤ᠂   ᠮᠣᠩᠭᠣᠯ ᠤᠨ ᠲᠡᠯ᠎ᠠ ᠬᠢᠯᠢ ᠶᠢᠨ ᠪᠣᠭᠤᠮᠲᠠ ᠶᠢᠨ ᠬᠠᠯᠳᠠᠪᠤᠷᠢ ᠬᠠᠮᠠᠭᠠᠯᠠᠯ ᠢᠶᠠᠨ ᠤᠯᠠᠮ ᠪᠦᠷᠢ ᠰᠠᠶᠢᠵᠢᠷᠠᠭᠤᠯᠬᠤ ᠨᠢ ᠠᠴᠢᠶ᠎ᠠ ᠲᠡᠭᠡᠭᠡᠪᠦᠷᠢ ᠰᠠᠭᠠᠳ ᠦᠭᠡᠶ ᠶᠠᠪᠤᠬᠤ ᠭᠤᠣᠯ ᠨᠥᠬᠦᠴᠡᠯ ᠪᠣᠯᠬᠤ ᠶᠢ ᠣᠨᠴᠠᠯᠠᠵᠠᠢ᠃

ᠰᠡᠳᠬᠢᠭᠳᠡᠯ ᠦᠯᠡᠳᠡᠭᠡᠬᠦ