ᠵᠡᠰ ᠤᠨ ᠦᠨ᠎ᠡ ᠡᠨᠡ ᠣᠨ ᠤ ᠳᠤᠮᠳᠠ ᠦᠶ᠎ᠡ ᠭᠡᠬᠦ ᠳᠤ ᠰᠢᠨ᠎ᠡ ᠲᠡᠭᠡᠳᠦ ᠲᠦᠪᠰᠢᠨ ᠳᠤ ᠬᠦᠷᠴᠦ ᠮᠠᠭᠠᠳ ᠦᠭᠡᠶ ᠭᠡᠵᠦ Goldman Sachs ᠲᠣᠭᠠᠴᠠᠭᠠᠯᠠᠭᠰᠠᠨ ᠪᠠᠶᠢᠨ᠎ᠡ᠃ ᠥᠭᠡᠷ᠎ᠡ ᠪᠠᠷ ᠬᠡᠯᠡᠪᠡᠯ ᠦᠨ᠎ᠡ ᠨᠢ ᠢᠷᠡᠬᠦ ᠭᠤᠷᠪᠠᠨ ᠰᠠᠷ᠎ᠠ ᠶᠢᠨ ᠳᠣᠲᠣᠷ᠎ᠠ ᠲᠣᠭᠲᠠᠪᠤᠷᠢᠲᠠᠶ ᠥᠰᠴᠦ᠂ ᠲᠣᠨ ᠨᠢ 13 ᠮᠢᠩᠭᠠᠨ ᠳ᠋ᠣᠯᠯᠠᠷ ᠬᠦᠷᠬᠦ ᠲᠥᠯᠥᠪ ᠲᠡᠢ ᠭᠡᠵᠦ ᠦᠵᠡᠵᠡᠢ᠃
ᠵᠡᠰ ᠤᠨ ᠦᠨ᠎ᠡ ᠰᠠᠷ᠎ᠠ ᠶᠢᠨ ᠡᠮᠦᠨ᠎ᠡ ᠲᠣᠨ ᠨᠢ 11 ᠮᠢᠩᠭᠠᠨ ᠳ᠋ᠣᠯᠯᠠᠷ ᠳᠠᠪᠠᠵᠤ᠂ ᠰᠢᠨ᠎ᠡ ᠲᠡᠭᠡᠳᠦ ᠴᠡᠭ ᠲᠤ ᠬᠦᠷᠦᠭᠡᠳ ᠪᠠᠶᠢᠭᠰᠠᠨ ᠶᠤᠮ᠃ ᠳᠡᠯᠡᠬᠡᠢ ᠶᠢᠨ ᠬᠡᠮᠵᠢᠶᠡᠨ ᠳᠤ ᠴᠡᠪᠡᠷᠰᠢᠭᠦᠯᠦᠭᠰᠡᠨ ᠵᠡᠰ ᠤᠨ ᠬᠤᠮᠰᠠᠳᠠᠯ 374 ᠮᠢᠩᠭᠠᠨ ᠲᠣᠨ ᠪᠣᠯᠤᠨ᠎ᠠ ᠭᠡᠵᠦ ᠡᠮᠦᠨ᠎ᠡ ᠨᠢ ᠰᠢᠨᠵᠢᠭᠡᠴᠢᠳ ᠲᠣᠭᠠᠴᠠᠭᠠᠯᠠᠭᠠᠳ ᠪᠠᠶᠢᠭᠰᠠᠨ ᠪᠣᠯ ᠬᠤᠮᠰᠠᠳᠠᠯ ᠡᠨᠡ ᠣᠨ ᠳᠤ ᠬᠤᠶᠠᠷ ᠳᠠᠬᠢᠨ ᠨᠡᠮᠡᠭᠳᠡᠨ᠎ᠡ ᠭᠡᠵᠦ ᠦᠵᠡᠵᠦ ᠪᠠᠶᠢᠭ᠎ᠠ ᠶᠤᠮ᠃