ᠮᠣᠩᠭᠤᠯᠴᠤᠳ ᠤᠨ ᠳᠤᠮᠳᠠᠴᠢ ᠴᠠᠯᠢᠩ 504.7 ᠳ᠋ᠣᠯᠯᠠᠷ ᠲᠠᠢ ᠲᠡᠩᠴᠡᠵᠦ ᠪᠠᠶᠢᠨ᠎ᠡ | News.MN

ᠮᠣᠩᠭᠤᠯᠴᠤᠳ ᠤᠨ ᠳᠤᠮᠳᠠᠴᠢ ᠴᠠᠯᠢᠩ 504.7 ᠳ᠋ᠣᠯᠯᠠᠷ ᠲᠠᠢ ᠲᠡᠩᠴᠡᠵᠦ ᠪᠠᠶᠢᠨ᠎ᠡ

ᠮᠣᠩᠭᠤᠯᠴᠤᠳ ᠤᠨ ᠳᠤᠮᠳᠠᠴᠢ ᠴᠠᠯᠢᠩ ᠤᠨ ᠭᠡᠮᠵᠢᠶ᠎ᠠ ᠦᠡᠭᠭᠡᠷᠡᠭᠰᠡᠠ ᠣᠨ ᠳᠤ 1.4  ᠰᠠᠶ᠎ᠠ ᠲᠥᠭᠦᠷᠢᠭ ᠲᠤ ᠬᠦᠷᠦᠭᠰᠡᠨ ᠨᠢ 504.7 ᠳ᠋ᠣᠯᠯᠠᠷ ᠲᠠᠢ ᠲᠡᠩᠴᠡᠵᠦ ᠪᠠᠶᠢᠨ᠎ᠡ᠃ ᠳᠤᠮᠳᠠᠴᠢ ᠴᠠᠯᠢᠩ ᠤᠨ ᠥᠭᠡᠷᠡᠴᠢᠯᠡᠯᠲᠡ ᠶᠢ 2014 ᠣᠨ ᠲᠠᠢ ᠬᠠᠷᠢᠴᠠᠭᠤᠯᠬᠤ ᠳᠤ 642.0 ᠮᠢᠩᠭᠠᠨ ᠲᠥᠭᠦᠷᠢᠭ ᠢᠶᠠᠷ ᠥᠰᠦᠭᠰᠡᠨ ᠢ ᠳ᠋ᠣᠯᠯᠠᠷ ᠢᠶᠠᠷ ᠠᠪᠴᠤ ᠦᠵᠡᠪᠡᠯ  ᠶᠡᠷᠦ ᠳᠦ ᠪᠡᠨ 83 ᠳ᠋ᠣᠯᠯᠠᠷ ᠪᠣᠯᠵᠤ ᠪᠤᠶ᠃

ᠬᠠᠷᠢᠨ 83 ᠳ᠋ᠣᠯᠯᠠᠷ ᠤᠨ ᠥᠰᠦᠯᠲᠡ ᠶᠢ ᠲᠥᠭᠦᠷᠢᠭ ᠢᠶᠠᠷ ᠢᠯᠡᠷᠬᠡᠶᠢᠯᠡᠪᠡᠯ 236.5 ᠮᠢᠩᠭᠠᠨ ᠲᠥᠭᠦᠷᠢᠭ ᠪᠣᠯᠵᠤ᠂ ᠴᠠᠯᠢᠩ ᠤᠨ ᠥᠰᠦᠯᠲᠡ 405.5 ᠮᠢᠩᠭᠠᠨ ᠲᠥᠭᠦᠷᠢᠭ ᠢᠶᠠᠷ ᠦᠨ᠎ᠡ ᠦᠭᠡᠶᠢᠳᠡᠵᠦ ᠪᠠᠶᠢᠨ᠎ᠡ ᠭᠡᠵᠦ ᠦᠨᠳᠦᠰᠦᠨ ᠤ ᠰᠲ᠋ᠠᠲ᠋ᠢᠰᠲ᠋ᠢᠺ ᠤᠨ ᠬᠤᠷᠢᠶᠠᠨ ᠠᠴᠠ ᠮᠡᠳᠡᠭᠡᠯᠡᠯ᠎ᠡ᠃

ᠰᠡᠳᠬᠢᠭᠳᠡᠯ ᠦᠯᠡᠳᠡᠭᠡᠬᠦ