ᠨᠥᠭᠡᠴᠡ ᠶᠢᠨ ᠮᠢᠬᠠᠨ ᠤ ᠴᠢᠨᠠᠷ ᠢ ᠰᠢᠯᠭᠠᠬᠤ ᠪᠠᠷ 67 ᠳᠡᠭᠡᠵᠢ ᠠᠪᠴᠠᠢ | News.MN

ᠨᠥᠭᠡᠴᠡ ᠶᠢᠨ ᠮᠢᠬᠠᠨ ᠤ ᠴᠢᠨᠠᠷ ᠢ ᠰᠢᠯᠭᠠᠬᠤ ᠪᠠᠷ 67 ᠳᠡᠭᠡᠵᠢ ᠠᠪᠴᠠᠢ

ᠨᠥᠭᠡᠴᠡ ᠶᠢᠨ ᠮᠢᠬᠠᠨ ᠤ ᠪᠦᠷᠢᠳᠦᠭᠦᠯᠦᠯᠲᠡ᠂ ᠬᠠᠳᠠᠭᠠᠯᠠᠯᠲᠠ᠂ ᠬᠤᠳᠠᠯᠳᠤᠨ ᠪᠣᠷᠣᠯᠠᠭᠤᠯᠤᠯᠲᠠ ᠶᠢᠨ ᠦᠢᠯᠡ ᠠᠵᠢᠯᠯᠠᠭᠠᠨ ᠳᠤ ᠨᠡᠢᠰᠯᠡᠯ ᠦᠨ ᠮᠡᠷᠭᠡᠵᠢᠯ ᠦᠨ ᠬᠢᠨᠠᠯᠲᠠ ᠶᠢᠨ ᠶᠡᠷᠦᠩᠬᠡᠢ ᠭᠠᠵᠠᠷ  ᠠᠴᠠ ᠲᠦᠯᠦᠪᠯᠡᠭᠡᠲᠦ ᠪᠤᠰᠤ ᠬᠢᠨᠠᠯᠲᠠ ᠰᠢᠯᠭᠠᠯᠲᠠ ᠬᠢᠵᠦ ᠪᠠᠶᠢᠨ᠎ᠠ᠃

ᠡᠨᠡ ᠬᠦᠷᠢᠶᠡᠨ ᠳᠦ᠄ ᠮᠠᠯ᠂ ᠮᠢᠬ᠎ᠠ ᠪᠡᠯᠡᠳᠬᠡᠨ ᠨᠥᠭᠡᠴᠡᠯᠡᠵᠦ ᠪᠤᠢ 23 ᠠᠵᠤ ᠠᠬᠤᠢ ᠶᠢᠨ ᠨᠢᠭᠡᠴᠢ ᠶᠢᠨ ᠪᠡᠯᠡᠨ ᠪᠠᠶᠢᠳᠠᠯ᠂ ᠵᠢᠵᠢᠭᠯᠡᠨ ᠰᠠᠪᠠᠯᠠᠬᠤ ᠲᠣᠨᠣᠭ ᠲᠥᠬᠥᠭᠡᠷᠦᠮᠵᠢ᠂ ᠮᠢᠬᠠᠨ ᠤ ᠰᠠᠪᠠ ᠪᠠᠭᠯᠠᠭ᠎ᠠ᠂ ᠪᠡᠯᠡᠳᠬᠡᠭᠰᠡᠨ ᠮᠢᠬᠠᠨ ᠤ ᠴᠢᠨᠠᠷ᠂ ᠠᠶᠤᠯᠭᠦᠢ ᠪᠠᠶᠢᠳᠠᠯ᠂ ᠨᠥᠭᠡᠴᠡ ᠪᠦᠷᠢᠳᠦᠭᠦᠯᠦᠯᠲᠡ᠂ ᠲᠣᠭ᠎ᠠ ᠬᠡᠮᠵᠢᠶ᠎ᠡ᠂ ᠬᠠᠳᠠᠭᠠᠯᠠᠯᠲᠠ ᠶᠢᠨ ᠦᠢᠯᠡ ᠠᠵᠢᠯᠯᠠᠭᠠᠨ ᠳᠤ ᠬᠢᠨᠠᠯᠲᠠ ᠬᠢᠵᠦ᠂ ᠨᠥᠭᠡᠴᠡᠳ ᠪᠡᠯᠡᠳᠬᠡᠭᠰᠡᠨ 12542.3 ᠲᠣᠨ ᠦᠬᠡᠷ᠂ ᠬᠣᠨᠢ᠂ ᠢᠮᠠᠭᠠᠨ ᠤ ᠮᠢᠬᠠᠨ ᠠᠴᠠ ᠨᠡᠶᠢᠲᠡ 67 ᠳᠡᠭᠡᠵᠢ ᠠᠪᠴᠤ᠂ ᠤᠯᠤᠰ ᠤᠨ ᠮᠠᠯ ᠡᠮᠨᠡᠯᠭᠡ ᠠᠷᠢᠭᠤᠨ ᠴᠡᠪᠡᠷ ᠦᠨ ᠲᠥᠪ ᠯᠠᠪᠤᠷᠠᠲ᠋ᠣᠷᠢ ᠳᠦ ᠨᠢᠶᠠᠨ ᠰᠤᠳᠤᠯᠤᠯ᠂ ᠱᠦᠯᠬᠦᠭᠡ ᠡᠪᠡᠳᠴᠢᠨ ᠦ ᠡᠭᠦᠰᠬᠡᠭᠴᠢ᠂ ᠠᠩᠲ᠋ᠢᠪᠢᠣᠲ᠋ᠢᠺ᠂ ᠢᠤᠧᠷᠮᠧᠺᠲ᠋ᠢᠨ ᠦ ᠦᠯᠡᠳᠡᠭᠳᠡᠯ ᠦᠨ ᠰᠢᠨᠵᠢᠯᠡᠭᠡᠨ ᠳᠦ ᠬᠠᠮᠤᠷᠤᠭᠤᠯᠬᠤ ᠪᠠᠷ ᠬᠦᠷᠭᠡᠭᠦᠯᠦᠭᠰᠡᠨ ᠪᠠᠶᠢᠨ᠎ᠠ᠃
ᠬᠤᠳᠠᠯᠳᠤᠨ ᠪᠣᠷᠣᠯᠠᠭᠤᠯᠬᠤ 463 ᠳᠡᠯᠭᠡᠭᠦᠷ ᠦᠨ ᠮᠢᠬᠠᠨ ᠤ ᠬᠠᠳᠠᠭᠠᠯᠠᠯᠲᠠ᠂ ᠬᠤᠳᠠᠯᠳᠤᠭᠠᠯᠠᠯᠲᠠ ᠶᠢᠨ ᠦᠢᠯᠡ ᠠᠵᠢᠯᠯᠠᠭᠠᠨ ᠳᠤ ᠮᠠᠯ ᠡᠮᠨᠡᠯᠭᠡ᠂ ᠬᠦᠨᠡᠰᠦᠨ ᠦ ᠴᠢᠨᠠᠷ᠂ ᠰᠲ᠋ᠠᠨᠳᠠᠷᠲ ᠤᠨ ᠬᠢᠨᠠᠯᠲᠠ ᠶᠢᠨ 38 ᠤᠯᠤᠰ ᠤᠨ  ᠪᠠᠶᠢᠴᠠᠭᠠᠭᠴᠢ ᠬᠢᠨᠠᠯᠲᠠ ᠰᠢᠯᠭᠠᠯᠲᠠ ᠬᠢᠵᠦ ᠪᠤᠢ ᠶᠤᠮ᠃

ᠰᠡᠳᠬᠢᠭᠳᠡᠯ ᠦᠯᠡᠳᠡᠭᠡᠬᠦ