ᠬᠢᠯᠢ ᠬᠠᠮᠠᠭᠠᠯᠠᠯᠲᠠ ᠳᠤ ᠲᠤᠰᠠᠯᠠᠬᠤ ᠬᠦᠴᠦᠨ ᠤ ᠣᠷᠣᠨ ᠲᠣᠭᠠᠨ ᠤ ᠪᠤᠰᠤ ᠵᠥᠪᠯᠡᠯ ᠬᠤᠷᠠᠯᠳᠤᠯ᠎ᠠ | News.MN

ᠬᠢᠯᠢ ᠬᠠᠮᠠᠭᠠᠯᠠᠯᠲᠠ ᠳᠤ ᠲᠤᠰᠠᠯᠠᠬᠤ ᠬᠦᠴᠦᠨ ᠤ ᠣᠷᠣᠨ ᠲᠣᠭᠠᠨ ᠤ ᠪᠤᠰᠤ ᠵᠥᠪᠯᠡᠯ ᠬᠤᠷᠠᠯᠳᠤᠯ᠎ᠠ

ᠳᠣᠷᠤᠨᠠᠭᠤᠪᠢ ᠠᠢᠮᠠᠭ ᠤᠨ ᠵᠠᠮ ᠤᠨ ᠡᠭᠦᠳᠡ ᠰᠤᠮᠤ ᠶᠢᠨ ᠬᠢᠯᠢ ᠬᠠᠮᠠᠭᠠᠯᠠᠯᠲᠠ ᠳᠤ ᠲᠤᠰᠠᠯᠠᠬᠤ ᠬᠦᠴᠦᠨ ᠤ ᠣᠷᠣᠨ ᠲᠣᠭᠠᠨ ᠤ ᠪᠤᠰᠤ ᠵᠥᠪᠯᠡᠯ ᠤᠨ 2022 ᠣᠨ ᠤ ᠵᠥᠪᠯᠡᠯᠭᠡᠨ ᠪᠣᠯᠣᠯ᠎ᠠ᠃ ᠠᠯᠪᠠᠨ ᠤ ᠬᠢᠨ ᠵᠠᠮ ᠤᠨ ᠡᠭᠦᠳᠡ ᠰᠤᠮᠤ ᠶᠢᠨ ᠬᠢᠯᠢ ᠬᠠᠮᠠᠭᠠᠯᠠᠯᠲᠠ ᠳᠤ ᠲᠤᠰᠠᠯᠠᠬᠤ ᠣᠷᠣᠨ ᠲᠣᠭᠠᠨ ᠤ ᠪᠤᠰᠤ ᠵᠥᠪᠯᠡᠯ ᠤᠨ 2021 ᠣᠨ ᠤ ᠠᠵᠢᠯ ᠤᠨ ᠦᠷ᠎ᠡ ᠳ᠋ᠦᠩ᠂ ᠤᠯᠤᠰ ᠤᠨ ᠬᠢᠯᠢ ᠬᠠᠮᠡᠭᠠᠯᠡᠯᠳᠠ᠂ ᠬᠢᠯᠢ ᠶᠢᠨ ᠪᠣᠭᠤᠮᠲᠠ ᠶᠢᠨ ᠠᠶᠤᠯᠭᠦᠢ ᠪᠠᠶᠢᠳᠠᠯ᠂ ᠰᠢᠯᠭᠠᠨ ᠨᠡᠪᠲᠡᠷᠡᠭᠦᠯᠬᠦ ᠠᠯᠪᠠᠨ ᠤ ᠲᠣᠪᠴᠢ ᠳ᠋ᠦᠩ ᠢ ᠲᠠᠨᠢᠯᠴᠠᠭᠤᠯᠤᠭᠰᠠᠨ ᠠᠴᠠ ᠭᠠᠳᠡᠨ᠎ᠡ ᠬᠢᠯᠢ ᠶᠢᠨ ᠭᠠᠳᠠᠭᠠᠳᠤ᠂ ᠳᠣᠲᠤᠭᠠᠳᠤ ᠴᠠᠭ ᠤᠨ ᠪᠠᠶᠢᠳᠠᠯ ᠤᠨ ᠳ᠋ᠦᠩᠨᠡᠯᠲᠡ᠂ ᠴᠢᠨᠠᠭᠰᠢᠳᠠ ᠠᠩᠬᠠᠷᠬᠤ ᠠᠰᠠᠭᠤᠳᠠᠯ ᠢᠶᠠᠷ ᠬᠡᠯᠡᠯᠴᠡᠭᠰᠡᠨ ᠪᠠᠶᠢᠨ᠎ᠡ᠃
ᠲᠤᠰ ᠵᠥᠪᠯᠡᠯ ᠨᠢ︽ᠮᠣᠩᠭᠤᠯ ᠤᠯᠤᠰ ᠤᠨ ᠬᠢᠯᠢ ᠶᠢᠨ ᠲᠤᠬᠠᠶ︾ ᠬᠠᠤᠯᠢ᠂ ᠮᠣᠩᠭᠤᠯ ᠤᠯᠤᠰ ᠤᠨ ᠶᠡᠷᠦᠩᠬᠡᠶᠢᠯᠡᠭᠴᠢ ᠶᠢᠨ 2020 ᠣᠨ ᠤ 149 ᠳ᠋ᠦ᠋ᠭᠡᠷ ᠵᠠᠷᠯᠢᠭ ᠢᠶᠠᠷ ᠪᠠᠲᠤᠯᠠᠭᠳᠠᠭᠰᠠᠨ︽ᠤᠯᠤᠰ ᠤᠨ ᠬᠢᠯᠢ ᠬᠠᠮᠠᠭᠠᠯᠠᠯᠲᠠ ᠳᠤ ᠣᠷᠣᠯᠴᠠᠭᠤᠯᠬᠤ ᠵᠢᠷᠤᠮ︾  ᠢ ᠬᠡᠷᠡᠭᠵᠢᠭᠦᠯᠵᠦ᠂ ᠤᠯᠤᠰ ᠤᠨ ᠬᠢᠯᠢ ᠬᠠᠮᠡᠭᠠᠯᠡᠯᠳᠠ᠂ ᠬᠢᠯᠢ ᠶᠢᠨ ᠪᠣᠭᠤᠮᠲᠠ ᠶᠢᠨ ᠠᠶᠤᠯᠭᠦᠢ ᠪᠠᠶᠢᠳᠠᠯ ᠢ ᠬᠠᠩᠭᠠᠵᠤ ᠠᠵᠢᠯᠯᠠᠬᠤ ᠴᠢᠭ ᠡᠭᠦᠷᠭᠡ ᠲᠠᠢ᠃

ᠰᠡᠳᠬᠢᠭᠳᠡᠯ ᠦᠯᠡᠳᠡᠭᠡᠬᠦ