ᠮᠣᠩᠭᠤᠯ᠂ ᠫᠣᠷᠲ᠋ᠦ᠋ᠭᠠᠯ ᠤᠨ ᠭᠠᠳᠠᠭᠠᠳᠤ ᠬᠠᠷᠢᠯᠴᠠᠭᠠᠨ ᠤ ᠶᠠᠮᠤᠨ ᠤ ᠠᠭᠤᠯᠵᠠᠯᠲᠠ ᠪᠣᠯᠪᠠ | News.MN

ᠮᠣᠩᠭᠤᠯ᠂ ᠫᠣᠷᠲ᠋ᠦ᠋ᠭᠠᠯ ᠤᠨ ᠭᠠᠳᠠᠭᠠᠳᠤ ᠬᠠᠷᠢᠯᠴᠠᠭᠠᠨ ᠤ ᠶᠠᠮᠤᠨ ᠤ ᠠᠭᠤᠯᠵᠠᠯᠲᠠ ᠪᠣᠯᠪᠠ

ᠮᠣᠩᠭᠤᠯ ᠤᠯᠤᠰ ᠤᠨ ᠭᠠᠳᠠᠭᠠᠳᠤ ᠬᠠᠷᠢᠯᠴᠠᠭᠠᠨ ᠤ ᠶᠠᠮᠤᠨ᠂ ᠪᠦᠬᠦᠳᠠ ᠨᠠᠶᠢᠷᠠᠮᠳᠠᠬᠤ ᠫᠣᠷᠲ᠋ᠦ᠋ᠭᠠᠯ ᠤᠯᠤᠰ ᠤᠨ ᠭᠠᠳᠠᠭᠠᠳᠤ ᠬᠡᠷᠡᠭ ᠤᠨ ᠶᠠᠮᠤᠨ ᠤ  ᠤᠯᠤᠰ ᠲᠥᠷᠦ ᠶᠢᠨ ᠵᠥᠪᠯᠡᠯᠳᠦᠬᠦ ᠬᠤᠶᠠᠳᠤᠭᠠᠷ ᠠᠭᠤᠯᠵᠠᠯᠲᠠ ᠡᠨᠡ ᠰᠠᠷ᠎ᠠ ᠶᠢᠨ 19 ᠳᠤ ᠴᠠᠬᠢᠮ ᠢᠶᠠᠷ ᠪᠣᠯᠪᠠ᠃ ᠠᠩᠬᠠᠳᠤᠭᠠᠷ ᠠᠭᠤᠯᠵᠠᠯᠲᠠ ᠠᠴᠠ ᠬᠤᠶᠢᠰᠢ 14 ᠵᠢᠯ ᠤᠨ ᠳᠠᠷᠠᠭ᠎ᠠ ᠪᠣᠯᠣᠭᠰᠠᠨ ᠲᠤᠰ ᠠᠭᠤᠯᠵᠠᠯᠲᠠ ᠪᠠᠷ 1974 ᠣᠨ ᠠᠴᠠ ᠡᠬᠢᠯᠡᠯ ᠲᠠᠢ ᠮᠣᠩᠭᠤᠯ᠂ ᠫᠣᠷᠲ᠋ᠦ᠋ᠭᠠᠯ ᠤᠨ ᠬᠤᠶᠠᠷ ᠲᠠᠯ᠎ᠠ ᠶᠢᠨ ᠬᠠᠷᠢᠯᠴᠠᠭ᠎ᠠ ᠪᠤᠯᠦᠠ ᠣᠯᠠᠨ ᠤᠯᠤᠰ ᠤᠨ ᠪᠠᠶᠢᠭᠤᠯᠤᠯᠭ᠎ᠠ ᠶᠢᠨ ᠬᠦᠷᠢᠶᠡᠨ ᠳᠤ ᠥᠷᠨᠢᠵᠦ ᠪᠤᠶ ᠬᠠᠮᠲᠤ ᠶᠢᠨ ᠠᠵᠢᠯᠯᠠᠭᠠᠨ ᠤ ᠠᠰᠠᠭᠤᠳᠠᠯ ᠢᠶᠠᠷ ᠰᠠᠨᠠᠯ ᠰᠣᠯᠢᠯᠴᠠᠪᠠ᠃
ᠡᠸᠦ᠋ᠷᠦᠫᠡ ᠶᠢᠨ ᠬᠤᠯᠪᠤᠭᠠᠨ ᠤ ᠭᠡᠰᠢᠭᠦᠨ ᠫᠣᠷᠲ᠋ᠦ᠋ᠭᠠᠯ ᠤᠯᠤᠰ ᠮᠣᠩᠭᠤᠯ ᠢ ᠳᠡᠮᠵᠢᠵᠦ ᠢᠷᠡᠭᠰᠡᠨ ᠳᠤ ᠮᠠᠨ ᠤ ᠬᠢᠨ ᠲᠠᠯᠠᠷᠬᠠᠯ ᠢᠶᠠᠨ ᠢᠯᠡᠷᠬᠡᠶᠢᠯᠡᠵᠦ᠂ ᠬᠤᠶᠠᠷ ᠲᠠᠯ᠎ᠠ ᠶᠢᠨ ᠠᠵᠢᠯᠯᠠᠭ᠎ᠠ ᠪᠠᠨ ᠴᠢᠨᠠᠭᠰᠢᠳᠠ ᠪᠠᠶᠢᠭᠠᠯᠢ ᠣᠷᠴᠢᠨ᠂ ᠰᠤᠶᠦᠯ᠂ ᠪᠣᠯᠪᠠᠰᠤᠷᠠᠯ᠂ ᠠᠶᠠᠯᠠᠯ ᠵᠢᠭᠤᠯᠴᠢᠯᠠᠯ ᠤᠨ ᠰᠠᠯᠪᠤᠷᠢ ᠳᠤ ᠦᠷᠭᠡᠵᠢᠭᠦᠯᠦᠨ ᠡᠷᠴᠢᠮᠵᠢᠭᠦᠯᠬᠦ ᠡᠷᠡᠮᠡᠯᠵᠡᠯᠡᠯ ᠲᠠᠢ ᠪᠠᠨ ᠢᠯᠡᠷᠬᠡᠶᠢᠯᠡᠪᠡ᠃ ᠮᠦᠠ ᠸᠢᠰᠠ ᠶᠢᠨ ᠱᠠᠭᠠᠷᠳᠠᠯᠭ᠎ᠠ ᠠᠴᠠ ᠬᠠᠷᠢᠯᠴᠠᠨ ᠴᠢᠯᠦᠭᠡᠯᠡᠬᠦ ᠲᠤᠬᠠᠶ ᠵᠠᠰᠠᠭ ᠤᠨ ᠭᠠᠵᠠᠷ ᠤᠨ ᠬᠡᠯᠡᠯᠴᠡᠭᠡᠷ᠂ ᠪᠣᠯᠪᠠᠰᠤᠷᠠᠯ᠂ ᠰᠢᠨᠵᠢᠯᠡᠬᠦ ᠤᠬᠠᠭᠠᠨ᠂ ᠲᠧᠭᠨᠣᠯᠣᠭᠢ᠂ ᠲᠡᠭᠡᠳᠦ ᠪᠣᠯᠪᠠᠰᠤᠷᠠᠯ᠂ ᠰᠤᠶᠦᠯ᠂ ᠰᠫᠣᠷᠲ᠂  ᠭᠡᠪᠯᠡᠯ ᠮᠡᠳᠡᠭᠡᠯᠡᠯ ᠤᠨ ᠰᠠᠯᠪᠤᠷᠢ ᠳᠤ ᠬᠠᠮᠲᠤᠷᠠᠨ ᠠᠵᠢᠯᠯᠠᠬᠤ ᠲᠤᠬᠠᠶ ᠵᠠᠰᠠᠭ ᠤᠨ ᠭᠠᠵᠠᠷ ᠤᠨ ᠬᠡᠯᠡᠯᠴᠡᠭᠡᠷ ᠢ ᠣᠶᠢᠷ᠎ᠠ ᠶᠢᠨ ᠬᠤᠭᠤᠴᠠᠭᠠᠨ ᠳᠤ ᠪᠠᠶᠢᠭᠤᠯᠬᠤ ᠳᠤ ᠠᠩᠬᠠᠷᠴᠤ ᠠᠵᠢᠯᠯᠠᠬᠤ ᠪᠠᠷ ᠲᠠᠯ᠎ᠠ ᠨᠤᠭᠤᠳ ᠲᠣᠬᠢᠷᠠᠯᠴᠠᠪᠠ᠃

ᠰᠡᠳᠬᠢᠭᠳᠡᠯ ᠦᠯᠡᠳᠡᠭᠡᠬᠦ