ᠢᠲ᠋ᠠᠯᠢ  ᠲᠠᠢ ᠰᠤᠶᠤᠯ ᠤᠨ ᠰᠠᠯᠪᠤᠷᠢ ᠳᠤ ᠬᠠᠮᠲᠤᠷᠠᠨ ᠠᠵᠢᠯᠯᠠᠨ᠎ᠠ | News.MN

ᠢᠲ᠋ᠠᠯᠢ  ᠲᠠᠢ ᠰᠤᠶᠤᠯ ᠤᠨ ᠰᠠᠯᠪᠤᠷᠢ ᠳᠤ ᠬᠠᠮᠲᠤᠷᠠᠨ ᠠᠵᠢᠯᠯᠠᠨ᠎ᠠ

ᠪᠦᠭᠦᠳᠡ ᠨᠠᠶᠢᠷᠠᠮᠳᠠᠬᠤ ᠢᠲ᠋ᠠᠯᠢ ᠤᠯᠤᠰ ᠲᠤ ᠠᠵᠢᠯ ᠤᠨ ᠠᠶᠢᠯᠴᠢᠯᠠᠯ ᠬᠢᠵᠦ ᠪᠠᠶᠢᠭ᠎ᠠ ᠰᠤᠶᠤᠯ ᠤᠨ ᠰᠠᠶᠢᠳ ᠴ ∙ ᠨᠣᠮᠢᠨ ᠲᠤᠰ ᠤᠯᠤᠰ ᠤᠨ ᠭᠠᠳᠠᠭᠠᠳᠤ ᠬᠡᠷᠡᠭ᠂ ᠣᠯᠠᠨ ᠤᠯᠤᠰ ᠤᠨ ᠬᠠᠮᠲᠤ ᠶᠢᠨ ᠠᠵᠢᠯᠯᠠᠭᠠᠨ ᠤ ᠳᠡᠳ᠋ ᠰᠠᠶᠢᠳ ᠮᠠᠨᠯᠢᠶᠤᠤ ᠳ᠋ᠢ  ᠰᠲ᠋ᠧᠹᠠᠨᠤ᠋ ᠡᠨᠡ ᠰᠠᠷ᠎ᠠ ᠶᠢᠨ 19  ᠳᠦ ᠠᠯᠪᠠᠨ ᠶᠣᠰᠣᠨ ᠤ ᠠᠭᠤᠯᠵᠠᠯᠲᠠ ᠬᠢᠵᠤ᠂ 《ᠰᠤᠶᠤᠯ᠂ ᠪᠣᠯᠪᠠᠰᠤᠷᠠᠯ᠂ ᠰᠢᠨᠵᠢᠯᠡᠬᠦ ᠤᠬᠠᠭᠠᠨ᠂ ᠰᠫᠣᠷᠲ ᠤᠨ ᠰᠠᠯᠪᠤᠷᠢ ᠳᠤ 2022-2025 ᠣᠨ ᠳᠤ ᠬᠠᠮᠲᠤᠷᠠᠨ ᠠᠵᠢᠯᠯᠠᠬᠤ ᠵᠠᠰᠠᠭ ᠤᠨ ᠭᠠᠵᠠᠷ ᠬᠣᠭᠣᠷᠣᠨᠳᠣ ᠶᠢᠨ ᠬᠥᠲᠥᠯᠪᠦᠷᠢ》 ᠳᠦ ᠭᠠᠷ ᠤᠨ ᠦᠰᠦᠭ ᠵᠢᠷᠤᠭᠰᠠᠨ ᠪᠥᠭᠡᠳ ᠲᠤᠰ ᠬᠥᠲᠥᠯᠪᠦᠷᠢ ᠶᠢᠨ ᠬᠡᠷᠡᠭᠵᠢᠯᠲᠡ ᠶᠢ ᠬᠠᠩᠭᠠᠬᠤ ᠴᠢᠭᠯᠡᠯ ᠢᠶᠡᠷ ᠲᠤᠰᠬᠠᠢ ᠲᠥᠯᠥᠪᠯᠡᠭᠡ ᠪᠣᠯᠪᠠᠰᠤᠷᠠᠭᠤᠯᠤᠨ ᠠᠵᠢᠯᠯᠠᠬᠤ ᠪᠠᠷ ᠲᠣᠬᠢᠷᠠᠯᠴᠠᠪᠠ᠃
ᠬᠥᠲᠥᠯᠪᠦᠷᠢ ᠬᠡᠷᠡᠭᠵᠢᠭᠰᠡᠨ ᠢᠶᠡᠷ ᠬᠣᠶᠠᠷ ᠤᠯᠤᠰ ᠤᠨ ᠰᠤᠶᠤᠯ᠂ ᠪᠣᠯᠪᠠᠰᠤᠷᠠᠯ᠂ ᠰᠢᠨᠵᠢᠯᠡᠬᠦ ᠤᠬᠠᠭᠠᠨ᠂ ᠰᠫᠣᠷᠲ ᠤᠨ ᠰᠠᠯᠪᠤᠷᠢ ᠶᠢᠨ ᠪᠠᠶᠢᠭᠤᠯᠤᠯᠭ᠎ᠠ ᠶᠢᠨ ᠰᠢᠭᠤᠳ ᠬᠠᠮᠲᠤ ᠶᠢᠨ ᠠᠵᠢᠯᠯᠠᠭ᠎ᠠ ᠶᠢ ᠢᠳᠡᠪᠬᠢᠵᠢᠭᠦᠯᠬᠦ ᠨᠥᠬᠥᠴᠡᠯ ᠪᠥᠷᠢᠳᠴᠦ ᠪᠠᠶᠢᠭ᠎ᠠ ᠶᠤᠮ᠃ ᠲᠠᠯ᠎ᠠ ᠨᠤᠭᠤᠳ ᠬᠣᠶᠠᠷ ᠣᠷᠣᠨ ᠤ ᠲᠡᠦᠬᠡ ᠰᠤᠶᠤᠯ ᠢ ᠰᠤᠷᠲᠠᠯᠴᠢᠯᠠᠨ ᠲᠠᠨᠢᠭᠤᠯᠬᠤ ᠴᠢᠭᠯᠡᠯ ᠢᠶᠡᠷ ᠬᠠᠷᠢᠯᠴᠠᠨ ᠦᠵᠡᠰᠬᠦᠯᠡᠩ᠂ ᠤᠷᠠᠯᠢᠭ ᠤᠨ ᠲᠣᠭᠯᠠᠯᠲᠠ᠂ ᠺᠢᠨᠣ᠋ ᠪᠣᠯᠤᠨ ᠰᠤᠶᠤᠯ ᠤᠨ ᠡᠳᠦᠷᠯᠢᠭ ᠬᠠᠮᠲᠤᠷᠠᠨ ᠵᠣᠬᠢᠶᠠᠨ ᠪᠠᠶᠢᠭᠤᠯᠬᠤ᠂ ᠲᠡᠷᠡ ᠳᠤᠮᠳᠠ ᠪᠠᠨ ᠰᠣᠩᠭᠣᠳᠠᠭ ᠤᠷᠠᠯᠢᠭ ᠤᠨ ᠤᠷᠠᠨ ᠪᠦᠲᠦᠭᠡᠯᠴᠢᠳ᠂ ᠪᠠᠭᠰᠢ᠂  ᠮᠡᠷᠭᠡᠵᠢᠯᠲᠡᠳ ᠦᠨ ᠰᠣᠯᠢᠯᠴᠠᠭ᠎ᠠ᠂ ᠮᠡᠷᠭᠡᠵᠢᠯ ᠦᠨ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠰᠤᠷᠭᠠᠯᠲᠠ ᠶᠢᠨ ᠲᠤᠰᠬᠠᠢ ᠬᠥᠲᠥᠯᠪᠦᠷᠢ ᠬᠡᠷᠡᠭᠵᠢᠭᠦᠯᠬᠦ ᠪᠣᠯᠤᠮᠵᠢ ᠲᠠᠢ ᠪᠣᠯᠵᠤ ᠪᠠᠶᠢᠨ᠎ᠠ᠃
ᠮᠥᠨ ᠰᠤᠶᠤᠯ ᠤᠨ ᠥᠪ ᠦᠨ ᠬᠠᠳᠠᠭᠠᠯᠠᠯᠲᠠ ᠬᠠᠮᠠᠭᠠᠯᠠᠯᠲᠠ᠂ ᠠᠷᠬᠧᠣᠯᠣᠭᠢ᠂ ᠮᠦᠽᠧᠢ ᠳᠢᠭᠯᠡᠯᠲᠡ᠂ ᠠᠷᠬᠢᠲ᠋ᠧᠺᠲ᠋ᠣᠷ᠂ ᠪᠠᠢᠭᠠᠯᠢ ᠶᠢᠨ ᠰᠢᠨᠵᠢᠯᠡᠬᠦ ᠤᠬᠠᠭᠠᠨ᠂ ᠤᠭᠰᠠᠭᠠᠲᠠᠨ ᠵᠦᠢ ᠪᠣᠯᠤᠨ ᠠᠨᠲᠷᠤᠫᠤᠯᠤᠭᠢ ᠶᠢᠨ ᠴᠢᠭᠯᠡᠯ ᠦᠨ ᠬᠠᠮᠲᠤᠷᠠᠭᠰᠠᠨ ᠰᠤᠷᠭᠠᠯᠲᠠ᠂ ᠰᠤᠳᠤᠯᠭ᠎ᠠ ᠬᠢᠬᠦ᠂ ᠰᠣᠩᠭᠣᠳᠠᠭ ᠪᠣᠯᠤᠨ ᠣᠷᠴᠢᠨ ᠦᠶ᠎ᠡ ᠶᠢᠨ ᠨᠣᠮ᠂ ᠵᠣᠬᠢᠶᠠᠯ ᠢ ᠣᠷᠴᠢᠭᠤᠯᠤᠨ ᠬᠡᠪᠯᠡᠭᠦᠯᠬᠦ ᠵᠡᠷᠭᠡ ᠠᠰᠠᠭᠤᠳᠠᠯ ᠢᠶᠠᠷ ᠲᠣᠬᠢᠷᠠᠯᠴᠠᠭᠰᠠᠨ ᠶᠤᠮ᠃

ᠰᠡᠳᠬᠢᠭᠳᠡᠯ ᠦᠯᠡᠳᠡᠭᠡᠬᠦ