ᠮᠣᠩᠭᠣᠯ᠂ ᠲᠦᠷᠺ ᠤᠨ ᠲᠡᠮᠦᠷ ᠵᠠᠮ ᠤᠨ ᠬᠠᠮᠲᠤ ᠶᠢᠨ ᠠᠵᠢᠯᠯᠠᠭᠠᠨ ᠤ ᠲᠠᠯ᠎ᠠ ᠪᠠᠷ ᠮᠡᠳᠡᠭᠡᠯᠡᠯ ᠰᠤᠯᠢᠯᠴᠠᠪᠠ | News.MN

ᠮᠣᠩᠭᠣᠯ᠂ ᠲᠦᠷᠺ ᠤᠨ ᠲᠡᠮᠦᠷ ᠵᠠᠮ ᠤᠨ ᠬᠠᠮᠲᠤ ᠶᠢᠨ ᠠᠵᠢᠯᠯᠠᠭᠠᠨ ᠤ ᠲᠠᠯ᠎ᠠ ᠪᠠᠷ ᠮᠡᠳᠡᠭᠡᠯᠡᠯ ᠰᠤᠯᠢᠯᠴᠠᠪᠠ

ᠮᠣᠩᠭᠣᠯ᠂ ᠲᠦᠷᠺ ᠬᠣᠶᠠᠷ ᠤᠯᠤᠰ ᠤᠨ ᠡᠳ᠋ ᠦᠨ ᠵᠠᠰᠠᠭ ᠤᠨ ᠬᠠᠮᠲᠤ ᠶᠢᠨ ᠠᠵᠢᠯᠯᠠᠭ᠎ᠠ ᠂ ᠬᠤᠳᠠᠯᠳᠤᠭ᠎ᠠ ᠤᠯᠠᠮ ᠨᠡᠮᠡᠭᠳᠡᠬᠦ ᠪᠡᠷ ᠪᠠᠶᠢᠭ᠎ᠠ ᠲᠤᠯᠠ ᠲᠡᠮᠦᠷ ᠵᠠᠮ ᠤᠨ ᠬᠠᠷᠢᠯᠴᠠᠭ᠎ᠠ ᠲᠣᠭᠲᠠᠭᠠᠬᠤ ᠨᠢ ᠶᠡᠬᠡᠬᠡᠨ ᠠᠴᠢ ᠬᠣᠯᠪᠣᠭᠳᠠᠯ ᠲᠠᠢ ᠪᠠᠶᠢᠨ᠎ᠠ᠃ ᠡᠭᠦᠨ ᠳᠤ ᠬᠣᠶᠠᠷ ᠤᠯᠤᠰ ᠤᠨ ᠲᠡᠮᠦᠷ ᠵᠠᠮ ᠤᠨ ᠬᠠᠮᠲᠤ ᠶᠢᠨ ᠠᠵᠢᠯᠯᠠᠭᠠᠨ ᠤ ᠲᠠᠯ᠎ᠠ ᠪᠠᠷ ᠮᠡᠳᠡᠭᠡᠯᠡᠯ ᠰᠤᠯᠢᠯᠴᠠᠬᠤ ᠵᠣᠷᠢᠯᠭ᠎ᠠ ᠪᠠᠷ ᠬᠣᠶᠠᠷ ᠲᠠᠯ᠎ᠠ ᠶᠢᠨ ᠲᠡᠮᠦᠷ ᠵᠠᠮ ᠤᠨ ᠬᠤᠯᠪᠤᠭᠳᠠᠬᠤ ᠪᠠᠶᠢᠭᠤᠯᠤᠯᠭ᠎ᠠ ᠶᠢᠨ ᠬᠣᠭᠣᠷᠣᠨᠳᠣ ᠪᠣᠯᠤᠭᠰᠠᠨ ᠴᠠᠬᠢᠮ ᠠᠭᠤᠯᠵᠠᠯᠲᠠ ᠪᠠᠷ ᠣᠨᠴᠠᠯᠠᠯ᠎ᠠ᠃ ᠠᠭᠤᠯᠵᠠᠯᠲᠠ ᠪᠠᠷ ᠳᠠᠮᠵᠢᠨ ᠥᠩᠭᠡᠷᠡᠬᠦ ᠲᠡᠭᠡᠭᠡᠪᠦᠷᠢ ᠶᠢ ᠬᠥᠭᠵᠢᠭᠦᠯᠬᠦ᠂ ᠳᠣᠲᠣᠭᠠᠳᠤ ᠶᠢᠨ ᠲᠡᠮᠦᠷ ᠵᠠᠮ ᠤᠨ ᠬᠦᠴᠦᠨ ᠴᠢᠳᠠᠯ ᠢ ᠨᠡᠮᠡᠭᠳᠡᠭᠦᠯᠵᠦ᠂ ᠰᠠᠶᠢᠵᠢᠷᠠᠭᠤᠯᠬᠤ ᠪᠣᠯᠤᠨ ᠰᠦᠯᠵᠢᠶ᠎ᠡ ᠪᠡᠨ ᠥᠷᠭᠡᠵᠢᠭᠦᠯᠬᠦ ᠵᠡᠷᠭᠡ ᠰᠠᠯᠪᠤᠷᠢ ᠶᠢᠨ ᠬᠠᠮᠲᠤ ᠶᠢᠨ ᠠᠵᠢᠯᠯᠠᠭᠠᠨ ᠤ ᠲᠠᠯ᠎ᠠ ᠪᠠᠷ ᠶᠠᠷᠢᠯᠴᠠᠵᠠᠢ᠃

ᠲᠦᠷᠺ ᠤᠯᠤᠰ ᠨᠢ ᠠᠽᠢᠶ᠎ᠠ᠂ ᠧᠦ᠋ᠷᠣᠫᠠ ᠶᠢ ᠬᠣᠯᠪᠣᠭᠰᠠᠨ ᠭᠠᠵᠠᠷ ᠵᠦᠢ ᠶᠢᠨ ᠴᠢᠬᠤᠯᠠ ᠪᠠᠶᠢᠷᠢᠯᠠᠯ ᠲᠠᠢ ᠲᠤᠯᠠ ᠲᠡᠮᠦᠷ ᠵᠠᠮ ᠤᠨ ᠰᠠᠯᠪᠤᠷᠢ ᠳᠤ ᠲᠦᠩᠰᠢᠯᠡᠵᠦ ᠬᠠᠮᠲᠤᠷᠠᠨ ᠠᠵᠢᠯᠯᠠᠬᠤ ᠨᠢ ᠬᠣᠶᠠᠷ ᠤᠯᠤᠰ ᠤᠨ ᠬᠠᠮᠲᠤ ᠶᠢᠨ ᠠᠵᠢᠯᠯᠠᠭᠠᠨ ᠳᠤ ᠶᠡᠬᠡᠬᠡᠨ ᠡᠭᠦᠷᠭᠡ ᠲᠡᠢ ᠶᠢ ᠮᠤᠩᠭᠤᠯ ᠤᠨ ᠲᠠᠯ᠎ᠠ ᠣᠨᠴᠠᠯᠠᠨ ᠲᠡᠮᠳᠡᠭᠯᠡᠯ᠎ᠡ᠃ ᠲᠠᠯ᠎ᠠ ᠨᠤᠭᠤᠳ ᠬᠠᠷᠢᠯᠴᠠᠨ ᠰᠣᠯᠢᠯᠴᠠᠭᠰᠠᠨ ᠮᠡᠳᠡᠭᠡᠯᠡᠯ ᠳᠦ ᠲᠤᠯᠭᠠᠭᠤᠷᠢᠯᠠᠨ ᠬᠠᠮᠲᠤ ᠶᠢᠨ ᠠᠵᠢᠯᠯᠠᠭᠠᠨ ᠤ ᠲᠣᠳᠣᠷᠬᠠᠢ ᠰᠠᠨᠠᠯ ᠢ ᠳᠡᠪᠰᠢᠭᠦᠯᠵᠦ᠂ ᠪᠣᠳᠠᠲᠤ ᠠᠵᠢᠯ ᠬᠡᠷᠡᠭ ᠪᠣᠯᠭᠠᠬᠤ᠂ ᠬᠠᠮᠲᠤ ᠶᠢᠨ ᠠᠵᠢᠯᠯᠠᠭᠠᠨ ᠤ ᠪᠠᠷᠢᠮᠲᠠ ᠪᠢᠴᠢᠭ ᠪᠠᠶᠢᠭᠤᠯᠬᠤ ᠴᠢᠭᠯᠡᠯ ᠢᠶᠡᠷ ᠠᠵᠢᠯᠯᠠᠬᠤ ᠪᠠᠷ ᠲᠣᠭᠲᠠᠪᠠ᠃

ᠰᠡᠳᠬᠢᠭᠳᠡᠯ ᠦᠯᠡᠳᠡᠭᠡᠬᠦ