ᠠᠶᠢᠮᠠᠭ ᠤᠨ ᠨᠣᠮ ᠤᠨ ᠰᠠᠩ ᠳᠤ 500 ᠳᠡᠪᠲᠡᠷ ᠨᠣᠮ ᠢᠯᠡᠭᠡᠵᠡᠢ | News.MN

ᠠᠶᠢᠮᠠᠭ ᠤᠨ ᠨᠣᠮ ᠤᠨ ᠰᠠᠩ ᠳᠤ 500 ᠳᠡᠪᠲᠡᠷ ᠨᠣᠮ ᠢᠯᠡᠭᠡᠵᠡᠢ

ᠠᠷᠤᠬᠠᠩᠭᠠᠢ ᠠᠶᠢᠮᠠᠭ ᠤᠨ ᠲᠠᠷᠢᠶᠠᠲᠤ ᠰᠤᠮᠤ ᠶᠢᠨ ᠤᠤᠭᠠᠯ ᠰᠦᠬᠡᠪᠠᠭᠠᠲᠤᠷ ᠤᠨ ᠮᠥᠩᠬᠡᠲᠤᠶᠠᠭ᠎ᠠ ᠠᠶᠢᠮᠠᠭ ᠤᠨ ᠨᠣᠮ ᠤᠨ ᠰᠠᠩ ᠳᠤ 500 ᠳᠡᠪᠲᠡᠷ ᠨᠣᠮ ᠬᠠᠨᠳᠢᠪᠯᠠᠵᠠᠢ᠃ ᠰ ∙ ᠮᠥᠩᠬᠡᠲᠤᠶᠠᠭ᠎ᠠ ᠨᠢ ᠣᠳᠣ ᠪᠠᠷ ᠠᠩᠭᠯᠢ ᠶᠢᠨ ᠮᠠᠨᠴᠧᠰᠲᠸᠷ ᠬᠣᠲᠠ ᠳᠤ ᠠᠮᠢᠳᠤᠷᠠᠵᠤ ᠪᠠᠶᠢᠭ᠎ᠠ ᠪᠥᠭᠡᠳ 2011 ᠣᠨ ᠠᠴᠠ ᠣᠷᠣᠰᠢᠨ ᠰᠠᠭᠤᠭ᠎ᠠ ᠭᠠᠵᠠᠷ  ᠲᠤ ᠪᠠᠨ ᠮᠣᠩᠭᠣᠯ ᠰᠤᠷᠭᠠᠭᠤᠯᠢ  ᠪᠠᠶᠢᠭᠤᠯᠵᠤ᠂ ᠬᠢᠯᠢ ᠶᠢᠨ ᠴᠢᠨᠠᠳᠤ ᠳᠤ ᠲᠦᠷᠦᠵᠦ ᠥᠰᠦᠭᠰᠡᠨ ᠮᠣᠩᠭᠣᠯ ᠬᠡᠦᠬᠡᠳ ᠦᠳ ᠲᠦ ᠡᠬᠡ ᠬᠡᠯᠡ ᠪᠡᠨ ᠵᠢᠭᠠᠵᠤ ᠪᠠᠶᠢᠨ᠎ᠠ᠃
ᠠᠷᠤᠬᠠᠩᠭᠠᠢ ᠠᠶᠢᠮᠠᠭ ᠤᠨ ᠨᠣᠮ ᠤᠨ ᠰᠠᠩ᠂ ᠶᠡᠷᠦᠩᠬᠡᠢ ᠪᠣᠯᠪᠠᠰᠤᠷᠠᠯ ᠤᠨ ᠰᠤᠷᠭᠠᠭᠤᠯᠢ ᠶᠢᠨ ᠠᠩᠭᠯᠢ ᠬᠡᠯᠡᠨ ᠦ ᠲᠠᠩᠬᠢᠮ᠂ ᠺᠣᠷᠢᠳᠣᠷ ᠤᠨ ᠨᠣᠮ ᠤᠨ ᠰᠠᠩ ᠤᠳ ᠢ ᠭᠠᠳᠠᠭᠠᠳᠤ ᠬᠡᠯᠡᠨ ᠦ ᠨᠣᠮ᠂ ᠰᠤᠳᠤᠯᠤᠭᠳᠠᠬᠤᠨ ᠢᠶᠠᠷ ᠪᠠᠶᠠᠵᠢᠭᠤᠯᠬᠤ ᠰᠠᠨᠠᠭᠠᠴᠢᠯᠠᠭ᠎ᠠ ᠶᠢ ᠠᠩᠭᠯᠢ ᠳᠤ ᠰᠠᠭᠤᠭ᠎ᠠ ᠮᠣᠩᠭᠣᠯᠴᠤᠳ ᠳᠡᠮᠵᠢᠵᠦ ᠡᠶᠢᠨ ᠬᠦ ᠨᠣᠮ ᠬᠠᠨᠳᠢᠪᠯᠠᠭᠰᠠᠨ ᠪᠠᠶᠢᠨ᠎ᠠ᠃ ᠲᠥᠷᠥᠯᠬᠢ ᠨᠤᠲᠤᠭ ᠤᠨ ᠢᠶᠠᠨ ᠠᠷᠠᠳ ᠢᠷᠭᠡᠳ᠂ ᠬᠡᠦᠬᠡᠳ ᠪᠠᠭᠠᠴᠤᠳ ᠤᠨ ᠣᠶᠤᠨ ᠳᠤ ᠦᠨᠡᠲᠡᠢ ᠬᠥᠷᠥᠩᠭᠡ ᠣᠷᠣᠭᠤᠯᠤᠯᠲᠠ ᠬᠢᠭᠰᠡᠨ ᠰᠦᠬᠡᠪᠠᠭᠠᠲᠤᠷ ᠤᠨ ᠮᠥᠩᠬᠡᠲᠤᠶᠠᠭ᠎ᠠ ᠲᠠᠨ ᠳᠤ ᠪᠣᠯᠤᠨ ᠨᠣᠮ ᠬᠠᠨᠳᠢᠪᠯᠠᠬᠤ ᠦᠢᠯᠡᠰ ᠲᠦ ᠭᠠᠷ ᠪᠡᠶ᠎ᠡ᠂ ᠰᠡᠳᠬᠢᠯ ᠵᠢᠷᠦᠬᠡ ᠪᠡᠨ ᠵᠣᠷᠢᠭᠤᠯᠤᠭᠰᠠᠨ ᠪᠦᠬᠦ ᠬᠦᠮᠦᠨ ᠳᠦ ᠠᠷᠤᠬᠠᠩᠭᠠᠶ ᠶᠢᠨ ᠢᠶᠡᠨ ᠨᠡᠷ᠎ᠡ ᠶᠢᠨ ᠡᠮᠦᠨ᠎ᠡ ᠡᠴᠡ ᠲᠠᠯᠠᠷᠬᠠᠯ ᠢᠯᠡᠷᠬᠡᠶᠢᠯᠡᠶ᠎ᠡ᠃

ᠰᠡᠳᠬᠢᠭᠳᠡᠯ ᠦᠯᠡᠳᠡᠭᠡᠬᠦ