ᠭᠠᠵᠠᠷ ᠤᠨ ᠲᠣᠰᠣ ᠳᠠᠮᠵᠢᠭᠤᠯᠬᠤ ᠬᠣᠭᠣᠯᠠᠢ ᠶᠢ ᠭᠤᠷᠪᠠᠨ ᠵᠢᠯ ᠳᠦ ᠪᠠᠭᠲᠠᠭᠠᠨ ᠪᠠᠷᠢᠨ᠎ᠠ | News.MN

ᠭᠠᠵᠠᠷ ᠤᠨ ᠲᠣᠰᠣ ᠳᠠᠮᠵᠢᠭᠤᠯᠬᠤ ᠬᠣᠭᠣᠯᠠᠢ ᠶᠢ ᠭᠤᠷᠪᠠᠨ ᠵᠢᠯ ᠳᠦ ᠪᠠᠭᠲᠠᠭᠠᠨ ᠪᠠᠷᠢᠨ᠎ᠠ

ᠳᠣᠷᠣᠨᠠᠲᠤ ᠠᠶᠢᠮᠠᠭ ᠳᠠᠬᠢ ᠭᠠᠵᠠᠷ ᠤᠨ ᠲᠣᠰᠤᠨ ᠤ ᠣᠷᠳᠣ ᠠᠴᠠ ᠳᠣᠷᠣᠨᠠᠭᠣᠪᠢ ᠠᠶᠢᠮᠠᠭ ᠤᠨ ᠠᠯᠲᠠᠨᠰᠢᠷᠡᠭᠡ ᠰᠤᠮᠤᠨ ᠳᠤ ᠪᠠᠷᠢᠵᠤ ᠪᠤᠢ ᠭᠠᠵᠠᠷ ᠤᠨ ᠲᠣᠰᠣ ᠪᠣᠯᠪᠠᠰᠤᠷᠠᠭᠤᠯᠬᠤ ᠦᠢᠯᠡᠳᠪᠦᠷᠢ  ᠳᠤ ᠲᠦᠭᠦᠬᠡᠢ ᠲᠤᠰᠤ ᠳᠠᠮᠵᠢᠭᠤᠯᠬᠤ ᠬᠣᠭᠣᠯᠠᠢ ᠶᠢ ᠭᠤᠷᠪᠠᠨ ᠵᠢᠯ ᠳᠦ ᠪᠠᠭᠲᠠᠭᠠᠨ ᠪᠠᠷᠢᠨ᠎ᠠ᠃   ᠵᠠᠰᠠᠭ ᠤᠨ ᠭᠠᠵᠠᠷ ᠤᠨ2020 ᠣᠨ ᠤ ᠨᠢᠭᠡᠳᠦᠭᠡᠷ ᠰᠠᠷ᠎ᠠ ᠶᠢᠨ ᠵᠢᠷᠭᠤᠭᠠᠨ ᠤ ᠬᠤᠷᠠᠯᠳᠤᠭᠠᠨ ᠢᠶᠠᠷ ᠭᠠᠵᠠᠷ ᠤᠨ ᠲᠣᠰᠣ ᠪᠣᠯᠪᠠᠰᠤᠷᠠᠭᠤᠯᠬᠤ ᠦᠢᠯᠡᠳᠪᠦᠷᠢ ᠶᠢᠨ ᠲᠦᠭᠦᠬᠡᠢ ᠡᠳ᠋ ᠢ ᠳᠠᠮᠵᠢᠭᠤᠯᠬᠤ ᠬᠣᠭᠣᠯᠠᠢ ᠪᠠᠷ ᠲᠡᠭᠡᠭᠡᠪᠦᠷᠢᠯᠡᠬᠦ ᠪᠡᠷ ᠰᠢᠢᠳᠪᠦᠷᠢᠯᠡᠵᠦ᠂ ᠭᠦᠢᠴᠡᠳᠭᠡᠭᠴᠢ ᠶᠢ ᠰᠣᠩᠭᠣᠨ ᠰᠢᠯᠭᠠᠷᠠᠭᠤᠯᠬᠤ ᠲᠧᠨᠳᠧᠷ ᠵᠠᠷᠯᠠᠭᠰᠠᠨ᠃

ᠤᠭ ᠲᠧᠨᠳᠧᠷ ᠲᠦ ᠬᠢᠲᠠᠳ ᠤᠨ ᠲᠥᠷᠥ ᠶᠢᠨ ᠥᠮᠴᠢᠲᠤ《ᠨᠣᠷᠢᠨᠺᠣ ᠢᠨᠲ᠋ᠧᠷᠨᠡᠶᠢᠰᠩᠯ ᠺᠣᠣᠫᠧᠷᠡᠶᠢᠰᠢᠨ》ᠺᠣᠮᠫᠠᠨᠢ ᠰᠢᠯᠭᠠᠷᠠᠭᠰᠠᠨ ᠶᠤᠮ᠃ ᠢᠩᠭᠢᠭᠡᠳ《ᠮᠣᠩᠭᠣᠯ ᠭᠠᠵᠠᠷ ᠤᠨ ᠲᠣᠰᠣ ᠪᠣᠯᠪᠠᠰᠤᠷᠠᠭᠤᠯᠬᠤ ᠦᠢᠯᠡᠳᠪᠦᠷᠢ》 ᠺᠤᠮᠫᠠᠨᠢ ᠶᠢᠨ ᠭᠦᠢᠴᠡᠳᠭᠡᠬᠦ ᠵᠠᠬᠢᠷᠤᠯ ᠳ ∙ ᠠᠯᠲᠠᠨᠴᠡᠴᠡᠭ᠂ ᠲᠥᠰᠦᠯ ᠢ ᠰᠠᠩᠬᠦᠦᠵᠢᠭᠦᠯᠦᠭᠴᠢ《ᠡᠷᠳᠡᠨᠢᠰ ᠲᠠᠪᠤᠨᠲᠣᠯᠣᠭᠠᠢ》ᠺᠤᠮᠫᠠᠨᠢ ᠶᠢᠨ ᠭᠦᠢᠴᠡᠳᠭᠡᠬᠦ ᠵᠠᠬᠢᠷᠤᠯ ᠪ∙ᠭᠠᠩᠬᠤᠶᠠᠭ᠂ ᠪᠠᠷᠢᠯᠭ᠎ᠠ ᠤᠭᠰᠠᠷᠠᠯᠲᠠ ᠶᠢᠨ ᠠᠵᠢᠯ ᠤᠨ ᠶᠡᠷᠦᠩᠬᠡᠢ ᠭᠦᠢᠴᠡᠳᠭᠡᠭᠴᠢ 《ᠨᠣᠷᠢᠨᠺᠣ ᠢᠨᠲ᠋ᠧᠷᠨᠡᠶᠢᠰᠩᠯ ᠺᠣᠣᠫᠧᠷᠡᠶᠢᠰᠢᠨ》 ᠺᠣᠮᠫᠠᠨᠢ ᠶᠢ ᠲᠥᠯᠦᠭᠡᠯᠡᠵᠦ ᠶᠡᠷᠦᠩᠬᠡᠢ ᠮᠧᠨᠧᠵᠧᠷ ᠵᠸᠤ  ᠳ᠋ᠢᠶᠠᠨ ᠪᠢᠩ ᠨᠠᠷ ᠡᠨᠡ ᠰᠠᠷ᠎ᠠ ᠶᠢᠨ 18  ᠳᠤ ᠬᠠᠮᠲᠤᠷᠠᠨ ᠠᠵᠢᠯᠯᠠᠬᠤ ᠶᠡᠷᠦᠩᠬᠡᠢ ᠭᠡᠷ᠎ᠡ ᠳᠦ ᠭᠠᠷ ᠤᠨ ᠦᠰᠦᠭ ᠵᠢᠷᠤᠯ᠎ᠠ᠃
530 ᠺᠢᠯᠣᠮᠧᠲ᠋ᠷ ᠤᠷᠲᠤ ᠲᠦᠭᠦᠬᠡᠢ ᠲᠣᠰᠣ ᠳᠠᠮᠵᠢᠭᠤᠯᠬᠤ ᠬᠣᠭᠣᠯᠠᠢ ᠶᠢ 3 ᠵᠢᠯ ᠦᠨ ᠬᠤᠭᠤᠴᠠᠭᠠᠨ ᠳᠤ ᠪᠤᠶᠤ ᠦᠢᠯᠡᠳᠪᠦᠷᠢ ᠠᠰᠢᠭᠯᠠᠯᠲᠠ ᠳᠤ ᠣᠷᠣᠬᠤ ᠠᠴᠠ ᠡᠮᠦᠨ᠎ᠡ ᠪᠠᠷᠢᠵᠤ ᠳᠠᠭᠤᠰᠬᠠᠨ᠎ᠠ᠃

ᠰᠡᠳᠬᠢᠭᠳᠡᠯ ᠦᠯᠡᠳᠡᠭᠡᠬᠦ