ᠤᠯᠠᠭᠠᠨᠪᠠᠭᠠᠲᠤᠷ ᠤᠨ ᠤᠰᠤᠨ ᠤ ᠠᠰᠠᠭᠤᠳᠠᠯ ᠢ ᠰᠢᠢᠳᠪᠦᠷᠢᠯᠡᠬᠦ ᠳᠤ ᠠᠮᠧᠷᠢᠺᠠ ᠬᠤᠪᠢ ᠨᠡᠮᠡᠷᠢ ᠣᠷᠣᠭᠤᠯᠵᠤ ᠪᠠᠢᠨ᠎ᠠ | News.MN

ᠤᠯᠠᠭᠠᠨᠪᠠᠭᠠᠲᠤᠷ ᠤᠨ ᠤᠰᠤᠨ ᠤ ᠠᠰᠠᠭᠤᠳᠠᠯ ᠢ ᠰᠢᠢᠳᠪᠦᠷᠢᠯᠡᠬᠦ ᠳᠤ ᠠᠮᠧᠷᠢᠺᠠ ᠬᠤᠪᠢ ᠨᠡᠮᠡᠷᠢ ᠣᠷᠣᠭᠤᠯᠵᠤ ᠪᠠᠢᠨ᠎ᠠ

︽ᠨᠡᠶᠢᠰᠯᠡᠯ ᠤᠨ ᠤᠰᠤᠨ ᠤ ᠲᠤᠯᠭᠠᠮᠳᠠᠭᠰᠠᠨ ᠠᠰᠠᠭᠤᠳᠠᠯ ᠪᠠ ᠰᠢᠢᠳᠦᠯ – 2022︾ ᠬᠡᠯᠡᠯᠴᠡᠭᠦᠯᠭᠡ ᠥᠨᠥᠳᠥᠷ ᠪᠣᠯᠵᠤ ᠪᠠᠶᠢᠨ᠎ᠡ᠃ ᠬᠡᠯᠡᠯᠴᠡᠭᠦᠯᠭᠡ ᠳᠤ ᠤᠰᠤᠨ ᠤ ᠪᠤᠯᠦᠠ ᠪᠠᠶᠢᠭᠠᠯᠢ ᠣᠷᠴᠢᠨ ᠤ ᠰᠠᠯᠪᠤᠷᠢ ᠶᠢᠨ ᠲᠥᠷᠦ᠂ ᠬᠤᠪᠢ ᠶᠢᠨ ᠬᠡᠪᠰᠢᠯ ᠤᠨ ᠪᠠᠶᠢᠭᠤᠯᠤᠯᠭ᠎ᠠ᠂ ᠢᠷᠭᠡᠨ ᠤ ᠨᠡᠶᠢᠭᠡᠮ ᠤᠨ ᠪᠠᠶᠢᠭᠤᠯᠤᠯᠭ᠎ᠠ᠂ ᠣᠯᠠᠨ ᠤᠯᠤᠰ ᠤᠨ ᠪᠠᠶᠢᠭᠤᠯᠤᠯᠭ᠎ᠠ᠂ ᠢᠷᠭᠡᠠ ᠠᠵᠤ ᠠᠬᠤᠢ ᠶᠢᠨ ᠨᠢᠭᠡᠴᠢ᠂ ᠡᠷᠳᠡᠮ ᠰᠢᠨᠵᠢᠯᠡᠭᠡᠨ ᠤ ᠪᠠᠶᠢᠭᠤᠯᠤᠯᠭ᠎ᠠ ᠶᠢᠨ 250 ᠭᠠᠷᠦᠢ ᠲᠥᠯᠦᠭᠡᠯᠡᠯ ᠣᠷᠣᠯᠴᠠᠵᠤ ᠪᠠᠶᠢᠭ᠎ᠠ ᠶᠤᠮ᠃
ᠲᠡᠳᠡᠨ ᠤ ᠨᠢᠭᠡ ᠨᠢ  ᠠᠮᠧᠷᠢᠺᠠ  ᠠᠴᠠ ᠮᠣᠩᠭᠤᠯ ᠤᠯᠤᠰ ᠲᠤ ᠰᠠᠭᠤᠭ᠎ᠠ ᠣᠨᠴᠠ ᠪᠥᠭᠡᠳ ᠪᠦᠷᠢᠠ ᠡᠷᠬᠡᠲᠦ ᠡᠯᠴᠢᠨ ᠰᠠᠶᠢᠳ ᠮᠠᠶᠢᠺᠠᠯ ᠰ᠊·ᠺᠯᠧᠴᠧᠰᠺᠢ᠃ ᠲᠡᠷᠡ ᠪᠠᠷ᠄ ᠳᠡᠯᠡᠬᠡᠢ ᠳ᠋ᠠᠬᠢᠨ ᠳᠤ ᠤᠰᠤᠨ ᠬᠠᠩᠭᠠᠮᠵᠢ᠂ ᠤᠰᠤᠨ ᠤ ᠬᠦᠷᠲᠡᠭᠡᠮᠵᠢ ᠶᠢᠨ ᠠᠰᠠᠭᠤᠳᠠᠯ ᠰᠠᠨᠠᠭ᠎ᠠ ᠵᠣᠪᠠᠭᠠᠵᠤ ᠪᠠᠶᠢᠨ᠎ᠡ᠃ ᠠᠭᠤᠷ ᠠᠮᠢᠰᠬᠤᠯ ᠤᠨ ᠥᠭᠡᠷᠡᠴᠢᠯᠡᠯᠲᠡ ᠣᠯᠠᠨ ᠪᠡᠷᠬᠡᠰᠢᠶᠡᠯ᠂ ᠰᠣᠷᠢᠯᠲᠠ ᠶᠢ ᠪᠤᠢ ᠪᠣᠯᠭᠠᠵᠤ᠂ ᠪᠠᠶᠢᠭᠠᠯᠢ ᠶᠢᠨ ᠨᠥᠭᠡᠴᠡ ᠪᠠᠶᠠᠯᠢᠭ ᠢ ᠬᠠᠷᠢᠭᠤᠴᠠᠯᠭᠠᠲᠠᠢ ᠪᠠᠷ ᠠᠰᠢᠭᠯᠠᠬᠤ ᠶᠢ ᠱᠠᠭᠠᠷᠳᠠᠵᠤ ᠪᠠᠶᠢᠨ᠎ᠡ᠃ ᠡᠨᠡ ᠠᠰᠠᠭᠤᠳᠠᠯ ᠤᠯᠠᠭᠠᠨᠪᠠᠭᠠᠲᠤᠷ ᠬᠤᠲᠠ ᠳᠤ ᠴᠤ ᠲᠤᠯᠭᠠᠮᠳᠠᠵᠤ ᠪᠠᠶᠢᠨ᠎ᠡ᠃
ᠤᠰᠤᠨ ᠤ ᠠᠰᠠᠭᠤᠳᠠᠯ ᠢ ᠰᠢᠢᠳᠪᠦᠷᠢᠯᠡᠬᠦ ᠳᠤ  ᠠᠮᠧᠷᠢᠺᠠ ᠶᠢᠨ ᠨᠢᠭᠡᠳᠦᠭᠰᠡᠨ ᠤᠯᠤᠰ ᠲᠣᠮᠤᠬᠠᠨ ᠬᠤᠪᠢ ᠨᠡᠮᠡᠷᠢ ᠣᠷᠣᠭᠤᠯᠵᠤ ᠪᠠᠶᠢᠭ᠎ᠠ ᠳᠠᠭᠠᠨ ᠪᠡᠶᠡᠷ ᠲᠠᠢ ᠪᠠᠶᠢᠭ᠎ᠠ᠃ ᠮᠢᠩᠭᠠᠨ ᠤ ᠰᠣᠷᠢᠯᠲᠠ ᠶᠢᠨ ᠻᠣᠷᠫᠣᠷᠠᠼᠢ ᠮᠣᠩᠭᠤᠯ ᠤᠯᠤᠰ ᠤᠨ ᠵᠠᠰᠠᠭ ᠤᠨ ᠭᠠᠵᠠᠷ ᠬᠤᠭᠤᠷᠦᠡᠳᠦ ᠪᠠᠶᠢᠭᠤᠯᠤᠭᠰᠠᠨ ᠻᠣᠮᠫᠠᠻᠲ ᠭᠡᠷ᠎ᠡ ᠨᠢ ᠮᠠᠰᠢ ᠴᠢᠬᠤᠯᠠ ᠬᠥᠲᠥᠯᠪᠦᠷᠢ ᠪᠥᠭᠡᠳ 350 ᠰᠠᠶ᠎ᠠ  ᠳ᠋ᠣᠯᠯᠠᠷ ᠤᠨ ᠰᠠᠩᠬᠦᠦᠵᠢᠯᠲᠡ  ᠪᠦᠬᠦᠢ ᠪᠤᠴᠠᠯᠲᠠ ᠦᠭᠡᠢ ᠲᠤᠰᠠᠯᠠᠮᠵᠢ ᠪᠠᠷ ᠳᠡᠪᠰᠢᠯᠲᠡᠲᠦ ᠲᠧᠭᠨᠣᠯᠣᠭᠢ ᠠᠰᠢᠭᠯᠠᠨ᠂ ᠤᠯᠠᠭᠠᠨᠪᠠᠭᠠᠲᠤᠷ ᠬᠤᠲᠠ ᠶᠢᠨ ᠨᠡᠶᠢᠲᠡ ᠤᠰᠤᠨ ᠬᠠᠩᠭᠠᠮᠵᠢ ᠶᠢ ᠨᠡᠮᠡᠭᠳᠡᠭᠦᠯᠵᠦ᠂ ᠤᠷᠲᠤ ᠬᠤᠭᠤᠴᠠᠭᠠᠨ ᠤ ᠰᠠᠩᠬᠦᠦ ᠶᠢᠨ᠂ ᠪᠠᠶᠢᠭᠠᠯᠢ ᠣᠷᠴᠢᠨ ᠤ ᠲᠣᠭᠲᠠᠪᠤᠷᠢᠲᠠᠶ ᠪᠠᠶᠢᠳᠠᠯ ᠢ ᠴᠣᠭᠴᠠ ᠪᠠᠶᠢᠳᠠᠯ ᠢᠶᠠᠷ ᠬᠠᠩᠭᠠᠬᠤ ᠳᠤ ᠣᠷᠣᠰᠢᠨ᠎ᠠ᠃ ᠮᠦᠠ ᠤᠰᠤ ᠶᠢ ᠳᠠᠬᠢᠨ ᠪᠣᠯᠪᠠᠰᠤᠷᠠᠭᠤᠯᠵᠤ ᠠᠰᠢᠭᠯᠠᠬᠤ ᠳᠡᠳ᠋ ᠪᠦᠲᠦᠴᠡ ᠶᠢ ᠪᠠᠶᠢᠭᠤᠯᠤᠨ᠎ᠠ ᠭᠡᠯ᠎ᠡ᠃

ᠰᠡᠳᠬᠢᠭᠳᠡᠯ ᠦᠯᠡᠳᠡᠭᠡᠬᠦ