ᠵᠠᠰᠠᠭ ᠤᠨ ᠭᠠᠵᠠᠷ ᠡᠳ᠋ ᠤᠨ ᠵᠠᠰᠠᠭ᠂ ᠬᠥᠭᠵᠢᠯ ᠤᠨ ᠶᠠᠮᠤᠨ ᠤ ᠬᠠᠷᠢᠶᠠᠨ ᠳᠤ ᠭᠠᠳᠠᠭᠠᠳᠤ ᠶᠢᠨ ᠬᠥᠷᠥᠩᠭᠡ ᠣᠷᠤᠭᠤᠯᠤᠯᠲᠠ᠂ ᠭᠠᠳᠠᠭᠠᠳᠤ ᠬᠤᠳᠠᠯᠳᠤᠭᠠᠨ ᠤ ᠡᠩᠧᠨ᠋ᠲᠯᠢᠭ᠋ ᠪᠠᠶᠢᠭᠤᠯᠬᠤ ᠰᠠᠨᠠᠯ ᠢ ᠲᠥᠰᠦᠪ ᠤᠨ ᠪᠠᠶᠢᠩᠭᠤ ᠶᠢᠨ ᠬᠤᠷᠢᠶᠠᠨ ᠤ ᠬᠤᠷᠠᠯᠳᠤᠭᠠᠨ ᠢᠶᠠᠷ ᠬᠡᠯᠡᠯᠴᠡᠭᠰᠡᠨᠶᠤᠮ᠃
ᠲᠥᠰᠦᠪ ᠤᠨ ᠪᠠᠶᠢᠩᠭᠤ ᠶᠢᠨ ᠬᠤᠷᠢᠶᠠᠨ ᠤ ᠳᠠᠷᠤᠭ᠎ᠠ ᠴ᠊·ᠬᠦᠷᠡᠯᠪᠠᠭᠠᠲᠤᠷ᠄ ᠡᠩᠧᠨ᠋ᠲᠯᠢᠭ᠋᠂ ᠲᠥᠷᠦ ᠶᠢᠨ ᠥᠮᠴᠢᠲᠦ ᠠᠵᠤ ᠠᠬᠤᠢ ᠶᠢᠨ ᠨᠢᠭᠡᠴᠢ ᠨᠦᠭᠦᠳ ᠤᠨ ᠣᠷᠤᠯᠠᠭᠴᠢ ᠳᠠᠷᠤᠭ᠎ᠠ ᠨᠠᠷ ᠢᠶᠠᠨ ᠴᠢᠯᠦᠭᠡᠯᠡᠵᠦ ᠬᠡᠮᠨᠡᠯᠲᠡ ᠬᠢᠨ᠎ᠡ ᠭᠡᠵᠦ ᠬᠡᠯᠡᠴᠢᠬᠡᠭᠡᠳ ᠰᠢᠨ᠎ᠡ ᠪᠠᠷ ᠡᠩᠧᠨ᠋ᠲᠯᠢᠭ᠋ ᠪᠠᠶᠢᠭᠤᠯᠬᠤ ᠰᠠᠨᠠᠯ ᠣᠷᠣᠭᠤᠯᠵᠤ ᠢᠷᠠᠵᠤ ᠪᠠᠶᠢᠭ᠎ᠠ ᠨᠢ ᠶᠡᠮᠡᠷ ᠤᠴᠢᠷ ᠲᠠᠢ ᠶᠤᠮ ᠪᠤᠢ
ᠡᠳ᠋ ᠤᠨ ᠵᠠᠰᠠᠭ᠂ ᠬᠥᠭᠵᠢᠯ ᠤᠨ ᠶᠠᠮᠤᠨ ᠤ ᠲᠥᠷᠦ ᠶᠢᠨ ᠨᠡᠷᠢᠠ ᠪᠢᠴᠢᠭ ᠤᠨ ᠳᠠᠷᠤᠭ᠎ᠠ ᠬ᠊ · ᠪᠠᠲᠤᠵᠢᠷᠭᠠᠯ᠄ ᠭᠠᠳᠠᠭᠠᠳᠤ ᠶᠢᠨ ᠬᠥᠷᠥᠩᠭᠡ ᠣᠷᠤᠭᠤᠯᠤᠯᠲᠠ᠂ ᠭᠠᠳᠠᠭᠠᠳᠤ ᠬᠤᠳᠠᠯᠳᠤᠭᠠᠨ ᠤ ᠡᠩᠧᠨ᠋ᠲᠯᠢᠭ᠋ ᠪᠠᠶᠢᠭᠤᠯᠬᠤ ᠠᠰᠠᠭᠤᠳᠠᠯ ᠨᠢ ᠰᠢᠨ᠎ᠡ ᠵᠦᠶᠯ ᠪᠢᠰᠢ᠃ 2022 ᠣᠨ ᠤ ᠲᠥᠰᠥᠪ ᠢ ᠠᠩᠬ᠎ᠠ ᠪᠠᠲᠤᠯᠠᠬᠤ ᠳᠤ ᠬᠠᠮᠲᠤ ᠡᠷᠭᠦᠨ ᠪᠠᠷᠢᠭᠰᠠᠨ ᠶᠠᠮᠤᠨ ᠪᠠᠶᠢᠭᠤᠯᠬᠤ ᠠᠰᠠᠭᠤᠳᠠᠯ ᠤᠨ ᠬᠦᠷᠢᠶᠡᠨ ᠳᠤ ᠲᠥᠰᠥᠪ ᠨᠢ ᠪᠠᠲᠤᠯᠠᠭᠳᠠᠭᠰᠠᠨ᠃
ᠴ᠊·ᠬᠦᠷᠡᠯᠪᠠᠭᠠᠲᠤᠷ᠄ ᠪᠠᠲᠤᠯᠠᠭᠳᠠᠴᠢᠬᠠᠭᠰᠠᠨ ᠭᠡᠵᠦ ᠶᠠᠭᠤ ᠶᠠᠷᠢᠭᠠᠳ ᠪᠠᠶᠢᠭ᠎ᠠ ᠶᠤᠮ ᠪᠤᠢ᠂ ᠣᠳᠤ ᠪᠠᠲᠤᠯᠠᠭᠤᠯᠬᠤ ᠭᠡᠳ ᠰᠠᠭᠤᠵᠤ ᠪᠠᠶᠢᠭ᠎ᠠ ᠶᠤᠮ ᠪᠢᠰᠢ ᠦᠦ
ᠬ᠊·ᠪᠠᠲᠤᠵᠢᠷᠭᠠᠯ᠄ ᠲᠥᠰᠥᠪ ᠨᠢ ᠪᠠᠲᠤᠯᠠᠭᠳᠠᠭᠰᠠᠨ᠃ ᠬᠠᠷᠢᠨ ᠣᠳᠤ ᠵᠠᠰᠠᠭ ᠤᠨ ᠭᠠᠵᠠᠷ ᠤᠨ ᠪᠦᠲᠦᠴᠡ ᠶᠢᠨ ᠪᠦᠳᠦᠭᠦᠪᠴᠢ ᠪᠡᠳᠦᠯᠡᠬᠤ ᠲᠤᠬᠠᠶ ᠲᠣᠭᠲᠠᠭᠠᠯ ᠳᠤ ᠥᠭᠡᠷᠡᠴᠢᠯᠡᠯᠲᠡ ᠣᠷᠣᠭᠤᠯᠬᠤ ᠰᠠᠨᠠᠯ ᠢᠶᠠᠨ ᠬᠡᠯᠡᠯᠴᠡᠭᠦᠯᠵᠦ ᠪᠠᠶᠢᠭ᠎ᠠ ᠶᠤᠮ᠃
ᠴ᠊·ᠬᠦᠷᠡᠯᠪᠠᠭᠠᠲᠤᠷ᠄ ᠲᠡᠭᠡᠪᠡᠯ ᠠᠯᠳᠠᠭ᠎ᠠ ᠭᠠᠷᠭᠠᠭᠰᠠᠨ ᠶᠤᠮ ᠪᠠᠶᠢᠨ᠎ᠡ᠃ ᠪᠦᠲᠦᠴᠡ ᠳᠤ ᠪᠠᠶᠢᠬᠤ ᠦᠭᠡᠶ ᠪᠠᠶᠢᠬᠤ ᠳᠤ ᠲᠥᠰᠥᠪ ᠢ ᠨᠢ ᠪᠠᠲᠤᠯᠠᠨ᠎ᠠ ᠭᠡᠳᠡᠭ ᠪᠤᠷᠤᠭᠤ᠃ ᠰᠢᠨ᠎ᠡ ᠪᠠᠷ ᠡᠩᠧᠨ᠋ᠲᠯᠢᠭ᠋ ᠪᠠᠶᠢᠭᠤᠯᠤᠨ᠎ᠠ ᠭᠡᠰᠡᠨ ᠠᠰᠠᠭᠤᠳᠠᠯ ᠪᠠᠶᠢᠬᠤ ᠦᠭᠡᠶ᠃ ᠨᠠᠭᠠᠲᠤᠬᠢ ᠪᠠᠨ ᠪᠤᠯᠢᠵᠠᠭᠠ᠂ ᠲᠠ ᠨᠠᠷ᠃