ᠮᠣᠩᠭᠤᠯ᠂ ᠲᠠᠶᠢᠯᠠᠨᠳ᠋ ᠤᠨ ᠰᠤᠶᠦᠯ᠂ ᠪᠣᠯᠪᠠᠰᠤᠷᠠᠯ᠂ ᠠᠶᠠᠯᠠᠯ ᠵᠢᠭᠤᠯᠴᠢᠯᠠᠯ ᠰᠠᠯᠪᠤᠷᠢ ᠶᠢᠨ ᠬᠠᠷᠢᠯᠴᠠᠭ᠎ᠠ ᠶᠢ ᠥᠷᠭᠡᠵᠢᠭᠦᠯᠦᠨ᠎ᠡ | News.MN

ᠮᠣᠩᠭᠤᠯ᠂ ᠲᠠᠶᠢᠯᠠᠨᠳ᠋ ᠤᠨ ᠰᠤᠶᠦᠯ᠂ ᠪᠣᠯᠪᠠᠰᠤᠷᠠᠯ᠂ ᠠᠶᠠᠯᠠᠯ ᠵᠢᠭᠤᠯᠴᠢᠯᠠᠯ ᠰᠠᠯᠪᠤᠷᠢ ᠶᠢᠨ ᠬᠠᠷᠢᠯᠴᠠᠭ᠎ᠠ ᠶᠢ ᠥᠷᠭᠡᠵᠢᠭᠦᠯᠦᠨ᠎ᠡ

ᠲᠠᠶᠢᠯᠠᠨᠳ᠋ ᠤᠨ ᠬᠠᠭᠠᠨᠲᠤ ᠤᠯᠤᠰ ᠠᠴᠠ ᠮᠣᠩᠭᠤᠯ ᠤᠯᠤᠰ ᠲᠤ ᠰᠠᠭᠤᠬᠤ ᠣᠨᠴᠠ ᠪᠥᠭᠡᠳ ᠪᠦᠷᠢᠠ ᠡᠷᠬᠡᠲᠦ ᠡᠯᠴᠢᠨ ᠰᠠᠶᠢᠳ  ᠠᠷᠲ᠋ᠠᠶᠤᠲ ᠰᠷᠢᠰᠠᠮᠤᠲ ᠮᠣᠩᠭᠤᠯ ᠤᠯᠤᠰ ᠤᠨ ᠶᠡᠷᠦᠩᠬᠡᠶᠢᠯᠡᠭᠴᠢ ᠤ᠊·ᠬᠦᠷᠡᠯᠰᠦ᠋ᠬᠡ ᠳᠤ  ᠢᠳᠡᠭᠡᠮᠵᠢᠯᠡᠬᠦ ᠵᠢᠭᠤᠬᠤ ᠪᠢᠴᠢᠭ ᠢᠶᠠᠨ ᠡᠷᠭᠦᠨ ᠪᠠᠷᠢᠯ᠎ᠠ᠃ ᠶᠡᠷᠦᠩᠬᠡᠶᠢᠯᠡᠭᠴᠢ ᠤ᠊ ·ᠬᠦᠷᠡᠯᠰᠦ᠋ᠬᠡ ᠵᠡᠭᠦᠨ ᠡᠮᠦᠨᠡᠳᠦ ᠠᠽᠢᠶ᠎ᠠ ᠳᠠᠬᠢ ᠮᠠᠨ ᠤ ᠴᠢᠬᠤᠯᠠ ᠲᠦᠩᠰᠢ ᠣᠷᠣᠨ ᠨᠤᠭᠤᠳ ᠤᠨ ᠨᠢᠭᠡ ᠪᠣᠯᠬᠤ ᠲᠠᠶᠢᠯᠠᠨᠳ᠋ ᠬᠠᠭᠠᠨᠲᠤ ᠤᠯᠤᠰ ᠲᠠᠢ ᠬᠥᠭᠵᠢᠭᠦᠯᠵᠦ ᠪᠤᠶ ᠬᠠᠷᠢᠯᠴᠠᠭᠠᠨ ᠳᠤ ᠮᠣᠩᠭᠤᠯ ᠤᠯᠤᠰ ᠴᠢᠬᠤᠯᠠ ᠠᠴᠢ ᠬᠤᠯᠪᠣᠭᠳᠠᠯ ᠥᠭᠳᠡᠭ ᠪᠣᠯᠬᠤ ᠶᠢ ᠲᠡᠮᠳᠡᠭᠯᠡᠪᠡ᠃ ᠴᠢᠨᠠᠭᠰᠢᠳᠠ ᠬᠠᠷᠢᠯᠴᠠᠭ᠎ᠠ᠂ ᠬᠠᠮᠲᠤ ᠶᠢᠨ ᠠᠵᠢᠯᠯᠠᠭ᠎ᠠ ᠶᠢ ᠬᠤᠳᠠᠯᠳᠤᠭ᠎ᠠ᠂ ᠬᠥᠷᠥᠩᠭᠡ ᠣᠷᠤᠭᠤᠯᠤᠯᠲᠠ᠂ ᠡᠳ᠋ ᠤᠨ ᠵᠠᠰᠠᠭ᠂ ᠠᠶᠠᠯᠠᠯ ᠵᠢᠭᠤᠯᠴᠢᠯᠠᠯ ᠤᠨ ᠵᠡᠷᠭᠡ ᠰᠠᠯᠪᠤᠷᠢ ᠳᠤ ᠥᠷᠭᠡᠵᠢᠭᠦᠯᠬᠦ ᠴᠢᠭᠯᠡᠯ ᠳᠤ ᠠᠴᠢ ᠬᠤᠯᠪᠣᠭᠳᠠᠯ ᠥᠭᠴᠦ ᠠᠵᠢᠯᠯᠠᠬᠤ ᠶᠢ ᠡᠯᠴᠢᠨ ᠰᠠᠶᠢᠳ ᠠᠴᠠ ᠬᠦᠰᠡᠯ᠎ᠡ᠃
ᠡᠯᠴᠢᠨ ᠰᠠᠶᠢᠳ ᠠᠷᠲ᠋ᠠᠶᠤᠲ ᠰᠷᠢᠰᠠᠮᠤᠲ ᠲᠠᠶᠢᠯᠠᠨᠳ᠋ ᠬᠠᠭᠠᠨᠲᠤ ᠤᠯᠤᠰ ᠤᠨ ᠴᠤᠭ ᠵᠢᠪᠬᠤᠯᠠᠩᠲᠤ ᠬᠠᠭᠠᠨ ᠤ ᠮᠡᠨᠳᠦᠴᠢᠯᠡᠭᠡ ᠶᠢ ᠶᠡᠷᠦᠩᠬᠡᠶᠢᠯᠡᠭᠴᠢ ᠤ᠊·ᠬᠦᠷᠡᠯᠰᠦ᠋ᠬᠡ ᠳᠤ ᠤᠯᠠᠮᠵᠢᠯᠠᠵᠤ᠂ ᠬᠠᠮᠲᠤ ᠶᠢᠨ ᠠᠵᠢᠯᠯᠠᠭ᠎ᠠ ᠶᠢ ᠡᠳ᠋ ᠤᠨ ᠵᠠᠰᠠᠭ ᠤᠨ ᠪᠣᠳᠠᠲᠤ ᠠᠭᠤᠯᠭ᠎ᠠ ᠪᠠᠷ ᠪᠠᠶᠠᠵᠢᠭᠤᠯᠤᠨ᠂ ᠰᠤᠶᠦᠯ᠂ ᠪᠣᠯᠪᠠᠰᠤᠷᠠᠯ᠂ ᠠᠶᠠᠯᠠᠯ ᠵᠢᠭᠤᠯᠴᠢᠯᠠᠯ ᠵᠡᠷᠭᠡ ᠰᠠᠯᠪᠤᠷᠢ ᠳᠤ ᠥᠷᠭᠡᠵᠢᠭᠦᠯᠬᠦ ᠶᠢᠨ ᠲᠥᠯᠥᠭᠡ ᠬᠦᠴᠦᠨ ᠴᠢᠷᠮᠠᠶᠢᠯᠲᠠ ᠭᠠᠷᠭᠠᠬᠤ ᠪᠠᠨ ᠢᠯᠡᠷᠬᠡᠶᠢᠯᠡᠪᠡ᠃

ᠰᠡᠳᠬᠢᠭᠳᠡᠯ ᠦᠯᠡᠳᠡᠭᠡᠬᠦ