ᠮᠣᠩᠭᠤᠯ ᠪᠠᠩᠬᠢ ᠳᠥᠷᠪᠡᠳᠦᠭᠡᠷ ᠰᠠᠷ᠎ᠠ ᠳᠤ 358.9 ᠺᠢᠯᠣᠭ᠍ᠷᠠᠮ ᠦᠨᠡᠲᠦ ᠮᠧᠲ᠋ᠠᠯ ᠬᠤᠳᠠᠯᠳᠤᠨ ᠠᠪᠴᠤ᠂ ᠣᠨ ᠤ ᠡᠬᠢᠨ ᠠᠴᠠ ᠥᠰᠦᠭᠰᠡᠨ ᠳ᠋ᠦᠩ ᠢᠶᠠᠷ ᠨᠡᠶᠢᠲᠡ 3.8 ᠲᠤᠨ ᠦᠨᠡᠲᠦ ᠮᠧᠲ᠋ᠠᠯ ᠬᠤᠳᠠᠯᠳᠤᠨ ᠠᠪᠤᠭᠠᠳ ᠪᠠᠶᠢᠨ᠎ᠡ᠃ ᠡᠨᠡ ᠨᠢ ᠡᠮᠦᠨᠡᠬᠢ ᠣᠨ ᠤ ᠮᠦᠠ ᠦᠶ᠎ᠡ ᠲᠠᠢ ᠬᠠᠷᠢᠴᠠᠭᠤᠯᠪᠠᠯ 453 ᠺᠢᠯᠣᠭ᠍ᠷᠠᠮ ᠢᠶᠠᠷ ᠪᠠᠭᠤᠷᠠᠭᠰᠠᠨ ᠦᠵᠡᠭᠦᠯᠦᠯᠲᠡ ᠶᠤᠮ᠃
ᠳᠥᠷᠪᠡᠳᠦᠭᠡᠷ ᠰᠠᠷ᠎ᠠ ᠶᠢᠨ ᠬᠤᠪᠢ ᠳᠤ ᠳᠠᠷᠬᠠᠨ ᠠᠭᠤᠯᠠ ᠠᠶᠢᠮᠠᠭ ᠲᠡᠬᠢ ᠮᠣᠩᠭᠤᠯ ᠪᠠᠩᠬᠢᠨ ᠤ ᠬᠡᠯᠲᠡᠰ 2.4 ᠺᠢᠯᠣᠭ᠍ᠷᠠᠮ᠂ ᠪᠠᠶᠠᠨᠬᠤᠩᠭᠤᠷ ᠠᠶᠢᠮᠠᠭ ᠲᠡᠬᠢ ᠮᠣᠩᠭᠤᠯ ᠪᠠᠩᠬᠢᠨ ᠤ ᠰᠠᠯᠪᠤᠷᠢ 25.5 ᠺᠢᠯᠣᠭ᠍ᠷᠠᠮ ᠦᠨᠡᠲᠦ ᠮᠧᠲ᠋ᠠᠯ ᠬᠤᠳᠠᠯᠳᠤᠨ ᠠᠪᠤᠭᠰᠠᠨ᠃ ᠮᠣᠩᠭᠤᠯ ᠪᠠᠩᠬᠢᠨ ᠤ ᠨᠢᠭᠡ ᠭᠷᠠᠮ ᠠᠯᠳᠠ ᠬᠤᠳᠠᠯᠳᠤᠨ ᠠᠪᠬᠤ ᠳᠤᠮᠳᠠᠴᠢ ᠬᠠᠩᠰᠢ 2022 ᠣᠨ ᠤ 4 ᠳ᠋ᠦ᠋ᠭᠡᠷ ᠰᠠᠷ᠎ᠠ ᠳᠤ 188943 ᠲᠥᠭᠦᠷᠢᠭ ᠪᠠᠶᠢᠪᠠ᠃