ᠶᠠᠫᠤᠨ ᠤᠯᠤᠰ ᠤᠨ ᠡᠵᠡᠨ ᠬᠠᠭᠠᠨ ᠢ ᠮᠣᠩᠭᠤᠯ ᠳᠤ ᠠᠶᠢᠯᠴᠢᠯᠠᠬᠤ ᠶᠢ ᠤᠷᠢᠪᠠ | News.MN

ᠶᠠᠫᠤᠨ ᠤᠯᠤᠰ ᠤᠨ ᠡᠵᠡᠨ ᠬᠠᠭᠠᠨ ᠢ ᠮᠣᠩᠭᠤᠯ ᠳᠤ ᠠᠶᠢᠯᠴᠢᠯᠠᠬᠤ ᠶᠢ ᠤᠷᠢᠪᠠ

ᠭᠠᠳᠠᠭᠠᠳᠤ ᠬᠠᠷᠢᠯᠴᠠᠭᠠᠨ ᠤ ᠰᠠᠶᠢᠳ ᠪ∙ᠪᠠᠲᠤᠴᠡᠴᠡᠭ ᠤᠨ ᠤᠷᠢᠯᠭ᠎ᠠ ᠪᠠᠷ ᠮᠣᠩᠭᠤᠯ ᠤᠯᠤᠰ ᠲᠤ ᠠᠯᠪᠠᠨ ᠶᠣᠰᠤᠭᠠᠷ ᠠᠶᠢᠯᠴᠢᠯᠠᠵᠤ ᠪᠤᠶ ᠶᠠᠫᠤᠨ ᠤᠯᠤᠰ ᠤᠨ ᠭᠠᠳᠠᠭᠠᠳᠤ ᠬᠡᠷᠡᠭ ᠤᠨ ᠰᠠᠶᠢᠳ ᠬᠠᠶᠠᠰᠢ ᠶᠤᠰᠢᠮᠠᠰᠠ ᠮᠣᠩᠭᠤᠯ ᠤᠯᠤᠰ ᠤᠨ ᠶᠡᠷᠦᠩᠬᠡᠶᠢᠯᠡᠭᠴᠢ ᠤ᠊·ᠬᠦᠷᠡᠯᠰᠦ᠋ᠬᠡ  ᠳᠤ ᠥᠨᠥᠳᠥᠷ ᠪᠠᠷᠠᠭᠠᠯᠠᠬᠠᠪᠠ᠃ ᠶᠡᠷᠦᠩᠬᠡᠶᠢᠯᠡᠭᠴᠢ ᠤ᠊ ·ᠬᠦᠷᠡᠯᠰᠦ᠋ᠬᠡ ᠶᠠᠫᠣᠨ ᠤᠯᠤᠰ ᠤᠨ ᠭᠠᠳᠠᠭᠠᠳᠤ ᠬᠡᠷᠡᠭ ᠤᠨ ᠰᠠᠶᠢᠳ ᠤᠨ ᠠᠶᠢᠯᠴᠢᠯᠠᠯ ᠨᠢ ᠮᠣᠩᠭᠤᠯ᠂ ᠶᠠᠫᠣᠨ ᠤ ᠰᠲᠷᠠᠲ᠋ᠧᠭᠢ ᠶᠢᠨ ᠲᠦᠩᠰᠢᠯᠡᠯ ᠦᠡᠳᠦᠷ ᠲᠦᠪᠰᠢᠨ ᠳᠤ ᠬᠥᠭᠵᠢᠵᠦ ᠪᠠᠶᠢᠭ᠎ᠠ ᠶᠢᠨ ᠢᠯᠡᠷᠡᠯ ᠭᠡᠳᠡᠭ ᠢ ᠲᠡᠮᠳᠡᠭᠯᠡᠪᠡ᠃ ᠮᠦᠠ ᠡᠨᠡ ᠣᠨ ᠳᠤ ᠲᠣᠬᠢᠶᠠᠵᠤ ᠪᠤᠶ ᠳ᠋ᠢᠫᠯᠤᠮᠠᠲ ᠬᠠᠷᠢᠯᠴᠠᠭ᠎ᠠ ᠲᠣᠭᠲᠠᠭᠠᠭᠰᠠᠨ ᠤ 50 ᠵᠢᠯ ᠤᠨ ᠣᠢ ᠶᠢ ᠲᠠᠯ᠎ᠠ ᠨᠤᠭᠤᠳ︽ᠮᠣᠩᠭᠤᠯ᠂ ᠶᠠᠫᠣᠨ ᠤ ᠬᠡᠦᠬᠡᠳ᠂ ᠵᠠᠯᠠᠭᠤᠴᠤᠳ ᠤᠨ ᠨᠠᠶᠢᠷᠠᠮᠳᠠᠯ᠂ ᠰᠣᠯᠢᠯᠴᠠᠭᠠᠨ ᠤ ᠵᠢᠯ︾ ᠢᠶᠠᠷ ᠵᠠᠷᠯᠠᠨ᠂ ᠶᠣᠰᠣᠯᠠᠯ ᠲᠡᠬᠦᠯᠳᠡᠷ ᠲᠡᠮᠳᠡᠭᠯᠡᠨ ᠥᠩᠭᠡᠷᠡᠭᠦᠯᠵᠦ ᠪᠠᠢᠭ᠎ᠠ ᠳᠤ ᠰᠡᠦᠡᠬᠢᠯ ᠬᠠᠩᠭᠠᠯᠤᠭᠤᠨ ᠪᠠᠶᠢᠭ᠎ᠠ ᠪᠠᠨ ᠢᠯᠡᠷᠬᠡᠶᠢᠯᠡᠵᠦ᠂ ᠶᠠᠫᠤᠨ ᠤᠯᠤᠰ ᠤᠨ ᠴᠤᠭ ᠵᠢᠪᠬᠤᠯᠠᠩᠲᠤ ᠡᠵᠡᠨ ᠬᠠᠭᠠᠨ  ᠢ  ᠮᠣᠩᠭᠤᠯ ᠤᠯᠤᠰ ᠲᠤ ᠠᠶᠢᠯᠴᠢᠯᠠᠬᠤ ᠶᠢ ᠤᠷᠢᠪᠠ᠃
ᠶᠠᠫᠤᠨ ᠤᠯᠤᠰ ᠤᠨ ᠭᠠᠳᠠᠭᠠᠳᠤ ᠬᠡᠷᠡᠭ ᠤᠨ ᠰᠠᠶᠢᠳ ᠶᠣ ·ᠬᠠᠶᠠᠰᠢ ᠶᠠᠫᠤᠨ ᠤᠯᠤᠰ ᠤᠨ ᠵᠠᠰᠠᠭ ᠤᠨ ᠭᠠᠵᠠᠷ ᠮᠣᠩᠭᠤᠯ ᠤᠯᠤᠰ ᠲᠠᠢ ᠬᠥᠭᠵᠢᠭᠦᠯᠵᠦ ᠪᠤᠶ ᠬᠠᠷᠢᠯᠴᠠᠭ᠎ᠠ᠂ ᠬᠠᠮᠲᠤ ᠶᠢᠨ ᠠᠵᠢᠯᠯᠠᠭᠠᠨ ᠳᠤ ᠦᠡᠳᠦᠷ ᠠᠴᠢ ᠬᠤᠯᠪᠣᠭᠳᠠᠯ ᠥᠭᠳᠡᠭ ᠢ ᠲᠡᠮᠳᠡᠭᠯᠡᠭᠡᠳ᠂ ᠴᠢᠨᠠᠭᠰᠢᠳᠠ ᠪᠦᠬᠦ  ᠲᠠᠯ᠎ᠠ ᠪᠠᠷ ᠥᠷᠭᠡᠵᠢᠭᠦᠯᠦᠨ ᠬᠥᠭᠵᠢᠭᠦᠯᠬᠦ ᠶᠢᠨ ᠲᠥᠯᠥᠭᠡ ᠪᠠᠶᠢᠭ᠎ᠠ ᠪᠠᠨ ᠨᠤᠲᠠᠯᠠᠪᠠ᠃ ᠮᠦᠠ ᠮᠣᠩᠭᠤᠯ ᠤᠯᠤᠰ ᠤᠨ ᠶᠡᠷᠦᠩᠬᠡᠶᠢᠯᠡᠭᠴᠢ ᠶᠢᠨ ᠳᠡᠪᠰᠢᠭᠦᠯᠦᠭᠰᠡᠨ ︽ᠲᠡᠷᠪᠤᠮ ᠮᠣᠳᠤ︾ ᠰᠠᠨᠠᠭᠠᠴᠢᠯᠠᠭ᠎ᠠ ᠶᠢ ᠳᠡᠮᠵᠢᠬᠦ ᠪᠠᠨ ᠢᠯᠡᠷᠬᠡᠶᠢᠯᠡᠵᠦ᠂ ᠬᠠᠮᠲᠤᠷᠠᠨ ᠠᠵᠢᠯᠯᠠᠬᠤ  ᠬᠡᠯᠪᠡᠷᠢ ᠪᠠᠨ ᠰᠤᠳᠤᠯᠵᠤ ᠪᠠᠶᠢᠭ᠎ᠠ ᠶᠢ ᠬᠡᠯᠡᠪᠡ᠃

ᠰᠡᠳᠬᠢᠭᠳᠡᠯ ᠦᠯᠡᠳᠡᠭᠡᠬᠦ