ᠤᠯᠠᠮᠵᠢᠯᠠᠯᠲᠤ ᠠᠨᠠᠭᠠᠬᠤ ᠤᠬᠠᠭᠠᠨ  ᠢ ᠬᠦᠭᠵᠢᠭᠦᠯᠦᠨ᠎ᠡ | News.MN

ᠤᠯᠠᠮᠵᠢᠯᠠᠯᠲᠤ ᠠᠨᠠᠭᠠᠬᠤ ᠤᠬᠠᠭᠠᠨ  ᠢ ᠬᠦᠭᠵᠢᠭᠦᠯᠦᠨ᠎ᠡ

ᠡᠷᠡᠭᠦᠯ ᠮᠡᠨᠳᠦ ᠶᠢᠨ ᠰᠠᠶᠢᠳ ᠰ ∙ᠡᠩᠬᠡᠪᠣᠯᠤᠳ ᠥᠴᠥᠭᠡᠳᠦᠷ ᠮᠠᠮᠪᠠ ᠳ᠋ᠠᠴᠠᠩ ᠬᠡᠶᠢᠳ᠂ ᠣᠲᠠᠴᠢ ᠮᠠᠷᠠᠮᠪᠠ ᠶᠡᠬᠡ ᠰᠤᠷᠭᠠᠭᠤᠯᠢ᠂ ᠲᠤᠰ ᠰᠤᠷᠭᠠᠭᠤᠯᠢ ᠶᠢᠨ ᠤᠯᠠᠮᠵᠢᠯᠠᠯᠲᠤ ᠡᠮᠴᠢᠯᠡᠭᠡᠨ ᠦ ᠡᠮᠨᠡᠯᠭᠡ ᠪᠠ ᠡᠮ ᠦᠨ ᠦᠢᠯᠡᠳᠪᠦᠷᠢ ᠳᠡᠭᠡᠷ᠎ᠡ ᠠᠵᠢᠯᠯᠠᠵᠠᠢ᠃ ᠮᠠᠮᠪᠠ ᠳ᠋ᠠᠴᠠᠩ ᠬᠡᠶᠢᠳ ᠨᠢ 1990 ᠣᠨ ᠳᠤ ᠪᠠᠢᠭᠤᠯᠤᠭᠳᠠᠵᠤ᠂ ᠡᠮ ᠦᠨ ᠦᠢᠯᠡᠳᠪᠦᠷᠢ ᠨᠢ 1994 ᠣᠨ ᠠᠴᠠ ᠠᠩᠬᠠᠨ ᠤ ᠤᠯᠠᠮᠵᠢᠯᠠᠯᠲᠤ ᠲᠧᠭᠨᠣᠯᠣᠭᠢ ᠪᠠᠷ ᠤᠭ᠍ᠶᠤ -25᠂ ᠱᠢᠷᠦ-25 ᠡᠮ ᠢ ᠦᠢᠯᠡᠳᠪᠦᠷᠢᠯᠡᠵᠦ᠂ ᠳᠣᠲᠣᠭᠠᠳᠤ ᠶᠢᠨ ᠵᠠᠬ᠎ᠠ ᠵᠡᠭᠡᠯᠢ ᠡᠴᠡ ᠭᠠᠳᠠᠨ᠎ᠠ ᠭᠠᠳᠠᠭᠠᠳᠤ ᠶᠢᠨ ᠵᠠᠬ᠎ᠠ ᠵᠡᠭᠡᠯᠢ ᠳᠦ ᠨᠡᠶᠢᠯᠡᠭᠦᠯᠳᠡᠭ ᠪᠠ GMP ᠱᠠᠭᠠᠷᠳᠠᠯᠭ᠎ᠠ ᠶᠢ ᠬᠠᠩᠭᠠᠬᠤ ᠪᠠᠷ ᠠᠵᠢᠯᠯᠠᠵᠤ ᠪᠠᠶᠢᠨ᠎ᠠ᠃
ᠡᠷᠡᠭᠦᠯ ᠮᠡᠨᠳᠦ ᠶᠢᠨ ᠰᠠᠶᠢᠳ ᠰ∙ᠡᠩᠬᠡᠪᠣᠯᠤᠳ ᠤᠯᠠᠮᠵᠢᠯᠠᠯᠲᠤ ᠠᠨᠠᠭᠠᠬᠤ ᠤᠬᠠᠭᠠᠨ ᠤ ᠡᠷᠡᠭᠦᠯ ᠮᠡᠨᠳᠦ ᠶᠢᠨ ᠪᠠᠶᠢᠭᠤᠯᠤᠯᠭ᠎ᠠ ᠨᠤᠭᠤᠳ ᠴᠠᠷ᠎ᠠ ᠲᠠᠬᠤᠯ ᠲᠠᠢ ᠲᠡᠮᠡᠴᠡᠬᠦ ᠠᠵᠢᠯ ᠳᠤ ᠶᠡᠬᠡᠬᠡᠨ ᠬᠤᠪᠢ ᠨᠡᠮᠡᠷᠢ ᠣᠷᠣᠭᠤᠯᠤᠭᠰᠠᠨ ᠢ ᠣᠨᠴᠠᠯᠠᠨ᠂ ᠴᠢᠨᠠᠭᠰᠢᠳᠠ ᠤᠯᠠᠮᠵᠢᠯᠠᠯᠲᠤ ᠠᠨᠠᠭᠠᠬᠤ ᠤᠬᠠᠭᠠᠨ ᠤ ᠡᠮ ᠦᠨ ᠦᠢᠯᠡᠳᠪᠦᠷᠢᠯᠡᠯ ᠳᠦ ᠱᠠᠭᠠᠷᠳᠠᠯᠭ᠎ᠠ ᠲᠠᠢ ᠬᠠᠤᠯᠢ ᠡᠷᠬᠡ ᠵᠦᠢ ᠶᠢᠨ ᠣᠷᠴᠢᠨ ᠢ ᠪᠣᠯᠪᠠᠰᠤᠷᠠᠩᠭᠤᠢ ᠪᠣᠯᠭᠠᠬᠤ ᠳᠤ ᠳᠡᠮᠵᠢᠯᠭᠡ ᠦᠵᠡᠭᠦᠯᠬᠦ ᠪᠡᠨ ᠮᠡᠳᠡᠭᠳᠡᠯ᠎ᠡ᠃

ᠰᠡᠳᠬᠢᠭᠳᠡᠯ ᠦᠯᠡᠳᠡᠭᠡᠬᠦ