ᠵᠠᠮ ᠲᠡᠭᠡᠭᠡᠪᠦᠷᠢ ᠶᠢᠨ ᠰᠠᠯᠪᠤᠷᠢ ᠳᠤ ᠬᠠᠮᠲᠤᠷᠠᠨ ᠠᠵᠢᠯᠯᠠᠬᠤ ᠳᠤ ᠪᠡᠯᠡᠨ ᠪᠠᠶᠢᠭ᠎ᠠ  ᠭᠡᠵᠡᠢ | News.MN

ᠵᠠᠮ ᠲᠡᠭᠡᠭᠡᠪᠦᠷᠢ ᠶᠢᠨ ᠰᠠᠯᠪᠤᠷᠢ ᠳᠤ ᠬᠠᠮᠲᠤᠷᠠᠨ ᠠᠵᠢᠯᠯᠠᠬᠤ ᠳᠤ ᠪᠡᠯᠡᠨ ᠪᠠᠶᠢᠭ᠎ᠠ  ᠭᠡᠵᠡᠢ

ᠤᠯᠤᠰ ᠤᠨ ᠶᠡᠬᠡ ᠬᠤᠷᠠᠯ ᠤᠨ ᠭᠡᠰᠢᠭᠦᠨ᠂ ᠤᠯᠤᠰ ᠤᠨ ᠶᠡᠬᠡ ᠬᠤᠷᠠᠯ ᠤᠨ ᠲᠥᠷᠥ ᠶᠢᠨ ᠪᠠᠶᠢᠭᠤᠯᠤᠯᠲᠠ ᠶᠢᠨ ᠪᠠᠶᠢᠩᠭᠤ ᠶᠢᠨ ᠬᠣᠷᠢᠶᠠᠨ ᠤ ᠳᠠᠷᠤᠭ᠎ᠠ᠂ ᠤᠯᠤᠰ ᠤᠨ ᠶᠡᠬᠡ ᠬᠤᠷᠠᠯ ᠳ᠋ᠡᠬᠢ ᠮᠣᠩᠭᠣᠯ-ᠪᠦᠭᠦᠳᠡ ᠨᠠᠶᠢᠷᠠᠮᠳᠠᠬᠤ ᠰᠣᠯᠣᠩᠭᠣᠰ ᠤᠯᠤᠰ ᠤᠨ ᠫᠠᠷᠯᠠᠮᠧᠨᠲ ᠤᠨ ᠪᠦᠯᠦᠭ ᠦᠨ ᠳᠠᠷᠤᠭ᠎ᠠ ᠵ ∙ ᠮᠥᠩᠬᠡᠪᠠᠲᠤ᠂ ᠤᠯᠤᠰ ᠤᠨ ᠶᠡᠬᠡ ᠬᠤᠷᠠᠯ ᠤᠨ ᠭᠡᠰᠢᠭᠦᠨ ᠭ∙ᠮᠥᠩᠬᠡᠴᠡᠴᠡᠭ ᠨᠠᠷ ᠪᠠᠰᠠᠩ ᠭᠠᠷᠠᠭ ᠲᠤ ᠪᠦᠭᠦᠳᠡ ᠨᠠᠶᠢᠷᠠᠮᠳᠠᠬᠤ ᠰᠣᠯᠣᠩᠭᠣᠰ ᠤᠯᠤᠰ ᠤᠨ ᠦᠨᠳᠦᠰᠦᠨ ᠦ ᠠᠰᠰᠠᠮᠪᠯᠧᠢ ᠶᠢᠨ ᠭᠡᠰᠢᠭᠦᠨ ᠺᠢᠮ ᠶᠣᠩ ᠵᠦ ᠲᠡᠷᠢᠭᠦᠲᠡᠢ ᠲᠥᠯᠥᠭᠡᠯᠡᠭᠴᠢᠳ ᠢ ᠬᠦᠯᠢᠶᠡᠨ ᠠᠪᠴᠤ ᠠᠭᠤᠯᠵᠠᠯ᠎ᠠ᠃

ᠺᠢᠮ ᠶᠣᠩ ᠵᠦ ᠠᠭᠤᠯᠵᠠᠯᠲᠠ ᠶᠢᠨ ᠦᠶ᠎ᠡ ᠪᠡᠷ ᠵᠠᠮ ᠲᠡᠭᠡᠭᠡᠪᠦᠷᠢ᠂ ᠯᠤᠵᠢᠰᠲ᠋ᠢᠺ᠂ ᠪᠦᠲᠦᠭᠡᠨ ᠪᠠᠶᠢᠭᠤᠯᠤᠯᠲᠠ ᠶᠢᠨ ᠰᠠᠯᠪᠤᠷᠢ ᠳᠤ ᠬᠠᠮᠲᠤᠷᠠᠨ ᠠᠵᠢᠯᠯᠠᠬᠤ ᠳᠤ ᠪᠡᠯᠡᠨ ᠪᠠᠶᠢᠭ᠎ᠠ ᠪᠠᠨ ᠢᠯᠡᠷᠬᠡᠶᠢᠯᠡᠪᠡ᠃ ᠵ∙ᠮᠥᠩᠬᠡᠪᠠᠲᠤ ᠨᠡᠶᠢᠰᠯᠡᠯ ᠦᠨ ᠳᠠᠭᠠᠭᠤᠯᠢ ᠬᠣᠲᠠ ᠶᠢ ᠬᠥᠭᠵᠢᠭᠦᠯᠬᠦ ᠳᠦ ᠲᠤᠰ ᠤᠯᠤᠰ ᠤᠨ ᠲᠤᠷᠰᠢᠯᠭ᠎ᠠ᠂ ᠳᠡᠪᠰᠢᠯᠲᠡᠳᠦ ᠲᠧᠭᠨᠣᠯᠣᠭᠢ ᠶᠢ ᠨᠡᠪᠲᠡᠷᠡᠭᠦᠯᠬᠦ᠂ ᠵᠠᠮ ᠲᠡᠭᠡᠭᠡᠪᠦᠷᠢ᠂ ᠳᠡᠳ᠋ ᠪᠦᠲᠦᠴᠡ ᠶᠢᠨ ᠪᠦᠲᠦᠭᠡᠨ ᠪᠠᠶᠢᠭᠤᠯᠤᠯᠲᠠ ᠳᠤ ᠬᠠᠮᠲᠤᠷᠠᠨ ᠠᠵᠢᠯᠯᠠᠬᠤ ᠳᠤ ᠲᠠᠭᠠᠲᠠᠢ ᠪᠠᠶᠢᠬᠤ ᠪᠣᠯᠤᠨ᠎ᠠ ᠭᠡᠪᠡ᠃

ᠰᠡᠳᠬᠢᠭᠳᠡᠯ ᠦᠯᠡᠳᠡᠭᠡᠬᠦ