ᠬ᠋᠊·ᠽᠠᠨᠳᠠᠨᠰᠢᠲᠠᠷ᠎ᠠ ᠲᠣᠭᠠᠨ ᠭᠠᠷ ᠤᠨ ᠦᠰᠦᠭ ᠢᠶᠠᠨ ᠠᠪᠤᠯ᠎ᠠ | News.MN

ᠬ᠋᠊·ᠽᠠᠨᠳᠠᠨᠰᠢᠲᠠᠷ᠎ᠠ ᠲᠣᠭᠠᠨ ᠭᠠᠷ ᠤᠨ ᠦᠰᠦᠭ ᠢᠶᠠᠨ ᠠᠪᠤᠯ᠎ᠠ

ᠤᠯᠤᠰ ᠤᠨ ᠶᠡᠭᠡ ᠬᠤᠷᠠᠯ  ᠤᠨ ᠳᠠᠷᠤᠭ᠎ᠠ ᠬ᠋᠊ ·ᠽᠠᠨᠳᠠᠨᠰᠢᠲᠠᠷ᠎ᠠ᠂  ᠤᠯᠤᠰ ᠤᠨ ᠶᠡᠭᠡ ᠬᠤᠷᠠᠯ  ᠤᠨ ᠭᠡᠰᠢᠭᠦᠨ᠂ ᠢᠨᠨᠤᠸᠠᠼ᠂ ᠴᠠᠬᠢᠮ ᠪᠣᠳᠣᠯᠭ᠎ᠠ ᠶᠢᠨ ᠪᠠᠶᠢᠩᠭᠤ ᠶᠢᠨ ᠬᠤᠷᠢᠶᠠᠨ ᠤ ᠳᠠᠷᠤᠭ᠎ᠠ ᠨ᠊·ᠤᠴᠠᠷᠠᠯ  ᠨᠠᠷ ᠥᠨᠥᠳᠥᠷ ᠲᠣᠭᠠᠨ ᠭᠠᠷ ᠤᠨ ᠦᠰᠦᠭ ᠢᠶᠠᠨ ᠠᠪᠤᠯ᠎ᠠ᠃ ᠤᠯᠤᠰ ᠤᠨ ᠶᠡᠭᠡ ᠬᠤᠷᠠᠯ  2021 ᠣᠨ ᠤ ᠠᠷᠪᠠᠨ ᠬᠤᠶᠠᠳᠤᠭᠠᠷ ᠰᠠᠷ᠎ᠠ ᠶᠢᠨ 17 ᠳᠤ︽ᠴᠠᠬᠢᠮ ᠭᠠᠷ ᠤᠨ ᠦᠰᠦᠭ ᠤᠨ ᠲᠤᠬᠠᠶ︾ ᠬᠠᠤᠯᠢ ᠶᠢᠨ ᠰᠢᠨᠡᠴᠢᠯᠡᠭᠰᠡᠨ ᠲᠦᠰᠦᠯ ᠢ ᠬᠡᠯᠡᠯᠴᠡᠵᠦ᠂ ᠡᠴᠦᠰᠯᠡᠨ ᠪᠠᠲᠤᠯᠠᠭᠰᠠᠨ ᠪᠢᠯᠡ᠃ ᠤᠭ ᠬᠠᠤᠯᠢ ᠡᠨᠡ ᠣᠨ ᠤ ᠲᠠᠪᠤᠳᠤᠭᠠᠷ ᠰᠠᠷ᠎ᠠ ᠶᠢᠨ ᠨᠢᠭᠡᠨ ᠡᠴᠡ ᠡᠬᠢᠯᠡᠨ ᠬᠦᠴᠦᠨ ᠲᠡᠬᠦᠯᠳᠡᠷ ᠪᠣᠯᠵᠤ᠂ ᠮᠥᠷᠳᠡᠭᠳᠡᠵᠦ ᠡᠬᠢᠯᠡᠭᠰᠡᠨ ᠢᠶᠠᠷ ᠮᠣᠩᠭᠤᠯ ᠤᠯᠤᠰ ᠤᠨ 16 ᠨᠠᠰᠤᠨ ᠳᠤ ᠬᠦᠷᠦᠭᠰᠡᠨ ᠢᠷᠭᠡᠨ ᠳᠤ ᠲᠣᠭᠠᠨ ᠭᠠᠷ ᠤᠨ ᠦᠰᠦᠭ ᠤᠨ ᠭᠡᠷᠡᠴᠢᠯᠡᠭᠡ ᠶᠢ ᠲᠠᠪᠤᠨ ᠵᠢᠯ ᠤᠨ ᠬᠤᠭᠤᠴᠠᠭ᠎ᠠ ᠪᠠᠷ ᠣᠯᠭᠤᠬᠤ᠂ ᠢᠷᠭᠡᠨ ᠤ ᠦᠨᠡᠮᠯᠡᠬᠦ ᠶᠢᠨ ᠰᠡᠨᠡᠬᠤ  ᠣᠶᠢ ᠳᠦ ᠦᠨ᠎ᠡ ᠲᠥᠯᠦᠪᠦᠷᠢ ᠦᠭᠡᠢ ᠪᠠᠶᠢᠷᠢᠰᠢᠭᠤᠯᠬᠤ ᠪᠠᠷ ᠲᠤᠰᠬᠠᠭᠰᠠᠨ᠃
ᠡᠨᠡ ᠦᠶ᠎ᠡ ᠪᠠᠷ  ᠤᠯᠤᠰ ᠤᠨ ᠶᠡᠭᠡ ᠬᠤᠷᠠᠯ  ᠤᠨ ᠳᠠᠷᠤᠭ᠎ᠠ ᠬ᠋᠊·ᠽᠠᠨᠳᠠᠨᠰᠢᠲᠠᠷ᠎ᠠ ᠨᠡᠶᠢᠲᠡ ᠠᠷᠠᠳ ᠢᠷᠭᠡᠳ ᠲᠡᠭᠡᠨ ᠬᠠᠨᠳᠤᠨ ᠲᠣᠭᠠᠨ ᠭᠠᠷ ᠤᠨ ᠦᠰᠦᠭ ᠲᠠᠢ ᠪᠣᠯᠬᠤ ᠠᠵᠢᠯ ᠳᠤ ᠢᠳᠡᠪᠬᠢᠲᠡᠢ ᠬᠠᠮᠤᠷᠤᠭᠳᠠᠬᠤ ᠶᠢ ᠤᠷᠢᠶᠠᠯᠠᠪᠠ᠃ ᠲᠡᠷᠡ ᠪᠠᠷ᠄ ᠲᠣᠭᠠᠨ ᠭᠠᠷ ᠤᠨ ᠦᠰᠦᠭ ᠢ ᠬᠡᠷᠡᠭᠯᠡᠭᠡᠨ ᠳᠤ ᠨᠡᠪᠲᠡᠷᠡᠭᠦᠯᠬᠦ ᠠᠵᠢᠯ ᠳᠤ  ᠤᠯᠤᠰ ᠤᠨ ᠶᠡᠭᠡ ᠬᠤᠷᠠᠯ  ᠤᠨ ᠭᠡᠰᠢᠭᠦᠳ ᠮᠠᠩᠯᠠᠶᠢᠯᠠᠨ ᠤᠷᠦᠯᠴᠡᠬᠤ ᠬᠡᠷᠡᠭ ᠲᠠᠢ᠃ ᠲᠣᠭᠠᠨ ᠭᠠᠷ ᠤᠨ ᠦᠰᠦᠭ ᠢ ᠳᠠᠭᠠᠭᠠᠳ ᠬᠡᠮᠨᠡᠯᠲᠡ ᠵᠢᠩᠬᠢᠨᠢ ᠤᠳᠬ᠎ᠠ ᠪᠠᠷ ᠪᠤᠢ ᠪᠣᠯᠤᠨ᠎ᠠ᠃ ᠬᠡᠮᠨᠡᠯᠲᠡ ᠭᠡᠳᠡᠭ ᠢ ᠵᠥᠪᠬᠡᠨ ᠮᠥᠩᠭᠦ ᠪᠠᠷ ᠬᠡᠮᠵᠢᠬᠦ ᠪᠤᠰᠤ᠂ ᠦᠷ᠎ᠡ ᠠᠰᠢᠭ ᠢ ᠰᠠᠶᠢᠵᠢᠷᠠᠭᠤᠯᠬᠤ᠂ ᠴᠠᠬ ᠬᠤᠭᠤᠴᠠᠭ᠎ᠠ ᠶᠢ ᠬᠡᠮᠨᠡᠬᠦ ᠶᠢ ᠴᠤ ᠪᠠᠰᠠ ᠬᠡᠯᠡᠨ᠎ᠡ᠃ ᠮᠣᠩᠭᠤᠯ ᠤᠯᠤᠰ ᠤᠨ ᠦᠡᠴᠦᠭ ᠪᠤᠯᠤᠩ ᠪᠦᠷᠢ ᠡᠴᠡ ᠴᠠᠬᠢᠮ ᠭᠠᠷ ᠤᠨ ᠦᠰᠦᠭ ᠢᠶᠠᠷ ᠲᠥᠷᠦ ᠶᠢᠨ ᠦᠢᠯᠡᠴᠢᠯᠡᠭᠡ᠂ ᠢᠷᠭᠡᠠ᠂ ᠬᠠᠤᠯᠢ ᠶᠢᠨ ᠡᠲᠡᠭᠡᠳ᠂ ᠡᠳ᠋ ᠬᠥᠷᠦᠩᠭᠡ ᠶᠢᠨ ᠭᠡᠬᠦ ᠮᠡᠲᠦ ᠪᠦᠬᠦ ᠦᠢᠯᠡᠴᠢᠯᠡᠭᠡ ᠶᠢ ᠠᠪᠬᠤ ᠪᠣᠯᠣᠮᠵᠢ ᠨᠡᠭᠡᠭᠡᠭᠳᠡᠵᠦ ᠪᠠᠶᠢᠨ᠎ᠡ᠃ ᠲᠣᠭᠠᠨ ᠭᠠᠷ ᠤᠨ ᠦᠰᠦᠭ ᠪᠣᠯ ᠴᠠᠬᠢᠮ ᠬᠤᠪᠢᠰᠬᠠᠯ᠂ ᠴᠠᠬᠢᠮ ᠥᠭᠡᠷᠡᠴᠢᠯᠡᠯᠲᠡ ᠶᠢᠨ ᠲᠣᠮᠤᠬᠠᠨ ᠳᠡᠪᠰᠢᠯ᠂ ᠲᠤᠯᠭᠠᠭᠤᠷᠢ ᠰᠠᠭᠤᠷᠢ ᠨᠢ ᠶᠤᠮ ᠬᠡᠮᠡᠯ᠎ᠡ᠃

ᠰᠡᠳᠬᠢᠭᠳᠡᠯ ᠦᠯᠡᠳᠡᠭᠡᠬᠦ