︽ᠨᠡᠶᠢᠲᠡ ᠶᠢᠨ ᠬᠦᠯ ᠪᠦᠮᠪᠦᠭᠡ︾ ᠶᠢᠨ ᠡᠳᠦᠷᠯᠢᠭ ᠰᠦᠬᠡᠪᠠᠭᠠᠲᠤᠷ ᠤᠨ ᠲᠠᠯᠠᠪᠠᠢ ᠳᠤ ᠡᠬᠢᠯᠡᠯ᠎ᠡ | News.MN

︽ᠨᠡᠶᠢᠲᠡ ᠶᠢᠨ ᠬᠦᠯ ᠪᠦᠮᠪᠦᠭᠡ︾ ᠶᠢᠨ ᠡᠳᠦᠷᠯᠢᠭ ᠰᠦᠬᠡᠪᠠᠭᠠᠲᠤᠷ ᠤᠨ ᠲᠠᠯᠠᠪᠠᠢ ᠳᠤ ᠡᠬᠢᠯᠡᠯ᠎ᠡ

ᠳᠡᠯᠡᠬᠡᠢ ᠶᠢᠨ ᠰᠠᠶ᠎ᠠ ᠰᠠᠶ᠎ᠠ ᠬᠥᠮᠥᠨ ᠢ ᠥᠪᠡᠷ ᠲᠤ ᠪᠠᠨ  ᠳᠤᠷᠠᠯᠠᠭᠤᠯᠤᠭᠰᠠᠨ ᠬᠥᠯ ᠪᠥᠮᠪᠦᠭᠡ ᠶᠢᠨ ᠰᠫᠣᠷᠲ ᠢ  ᠡᠬᠡ ᠣᠷᠣᠨ ᠳᠤ ᠪᠠᠨ ᠬᠥᠭᠵᠢᠭᠦᠯᠬᠦ ᠪᠠᠷ︽8 ᠵᠢᠯ᠂ 8 ᠵᠣᠷᠢᠯᠭ᠎ᠠ︾ᠤᠷᠲᠤ ᠬᠤᠭᠤᠴᠠᠭᠠᠨ ᠤ ᠬᠥᠲᠥᠯᠪᠦᠷᠢ ᠶᠢ ᠬᠡᠷᠡᠭᠵᠢᠭᠦᠯᠦᠨ ᠠᠵᠢᠯᠯᠠᠵᠤ ᠪᠤᠶ ᠮᠣᠩᠭᠣᠯ ᠤᠨ ᠬᠥᠯ ᠪᠥᠮᠪᠦᠭᠡ ᠶᠢᠨ ᠬᠤᠯᠪᠣᠭ᠎ᠠ︽ᠨᠡᠶᠢᠲᠡ ᠶᠢᠨ  ᠬᠦᠯ ᠪᠦᠮᠪᠦᠭᠡ︾ ᠶᠢᠨ ᠡᠳᠦᠷᠯᠢᠭ ᠢ ᠡᠬᠢᠯᠡᠭᠦᠯᠦᠯ᠎ᠡ᠃ ᠤᠭ ᠲᠥᠰᠥᠯ ᠢ ᠮᠣᠩᠭᠤᠯ ᠤᠯᠤᠰ ᠤᠨ ᠶᠡᠷᠦᠩᠬᠡᠶᠢᠯᠡᠭᠴᠢ ᠳᠡᠮᠵᠢᠨ᠂ ᠨᠡᠶᠢᠰᠯᠡᠯ ᠤᠨ ᠲᠠᠮᠠᠭ᠎ᠠ ᠶᠢᠨ ᠭᠠᠵᠠᠷ᠂ ᠨᠡᠶᠢᠰᠯᠡᠯ ᠤᠨ ᠰᠫᠣᠷᠲ ᠤᠨ ᠭᠠᠵᠠᠷ᠂ ᠪᠣᠯᠪᠠᠰᠤᠷᠠᠯ ᠤᠨ ᠶᠡᠷᠦᠩᠬᠡᠶ ᠭᠠᠵᠠᠷ ᠲᠠᠢ ᠬᠠᠮᠲᠤᠷᠠᠨ ᠠᠵᠢᠯᠯᠠᠵᠤ ᠪᠠᠶᠢᠨ᠎ᠡ᠃
ᠨᠡᠭᠡᠭᠡᠯᠲᠡ ᠶᠢᠨ ᠡᠳᠦᠷ ᠰᠦᠬᠡᠪᠠᠭᠠᠲᠤᠷ ᠤᠨ ᠲᠠᠯᠠᠪᠠᠢ ᠳᠠᠬᠢ ᠨᠣᠭᠤᠭᠠᠨ ᠲᠠᠯᠠᠪᠠᠢ ᠳᠤ ᠥᠰᠪᠦᠷᠢ ᠶᠢᠨ ᠠᠻᠠᠳᠧᠮᠢ᠂ BCH ᠯᠢᠶᠤᠨᠰ᠂ ᠬᠤᠪᠳᠤ᠂ ᠲᠥᠪ ᠪᠠᠭ ᠤᠳ᠂ ᠠᠲᠯᠧᠲ᠋ᠢᠺ 220 ᠺᠯᠦ᠋ᠪ ᠤᠳ ᠨᠡᠶᠢᠲᠡ ᠶᠢᠨ ᠬᠥᠯ ᠪᠥᠮᠪᠦᠭᠡ ᠶᠢᠨ ᠬᠥᠲᠥᠯᠪᠦᠷᠢ ᠵᠣᠬᠢᠶᠠᠨ ᠶᠠᠪᠤᠭᠤᠯᠤᠯ᠎ᠠ᠃ ᠨᠡᠶᠢᠲᠡ ᠶᠢᠨ ᠬᠥᠯ ᠪᠥᠮᠪᠦᠭᠡ ᠶᠢᠨ ᠦᠶᠯᠡ ᠠᠵᠢᠯᠯᠠᠭ᠎ᠠ ᠡᠨᠡ ᠰᠠᠷ᠎ᠠ ᠶᠢᠨ 18 ᠬᠦᠷᠳᠡᠯ᠎ᠠ ᠦᠷᠭᠦᠯᠵᠢᠯᠡᠨ᠎ᠡ᠃

ᠰᠡᠳᠬᠢᠭᠳᠡᠯ ᠦᠯᠡᠳᠡᠭᠡᠬᠦ