ᠤ᠊ · ᠬᠦᠷᠡᠯᠰᠦ᠋ᠬᠡ ᠫᠤᠯᠠᠨᠳ᠋ ᠤᠨ ᠶᠡᠷᠦᠩᠬᠡᠶᠢᠯᠡᠭᠴᠢ ᠲᠠᠢ ᠣᠯᠠᠨ ᠲᠠᠯᠠᠲᠤ ᠠᠰᠠᠭᠤᠳᠠᠯ ᠢᠶᠠᠷ ᠰᠠᠨᠠᠯ ᠰᠣᠯᠢᠯᠴᠠᠪᠠ | News.MN

ᠤ᠊ · ᠬᠦᠷᠡᠯᠰᠦ᠋ᠬᠡ ᠫᠤᠯᠠᠨᠳ᠋ ᠤᠨ ᠶᠡᠷᠦᠩᠬᠡᠶᠢᠯᠡᠭᠴᠢ ᠲᠠᠢ ᠣᠯᠠᠨ ᠲᠠᠯᠠᠲᠤ ᠠᠰᠠᠭᠤᠳᠠᠯ ᠢᠶᠠᠷ ᠰᠠᠨᠠᠯ ᠰᠣᠯᠢᠯᠴᠠᠪᠠ

ᠶᠡᠷᠦᠩᠬᠡᠶᠢᠯᠡᠭᠴᠢ ᠤ᠊ ·ᠬᠦᠷᠡᠯᠰᠦ᠋ᠬᠡ 2022 ᠣᠨ ᠤ 05 ᠳ᠋ᠤᠭᠠᠷ ᠰᠠᠷ᠎ᠠ ᠶᠢᠨ 10 ᠤ ᠡᠳᠦᠷ ᠪᠦᠬᠦᠳᠠ ᠨᠠᠶᠢᠷᠠᠮᠳᠠᠬᠤ ᠫᠤᠯᠠᠨᠳ᠋ ᠤᠯᠤᠰ ᠤᠨ ᠶᠡᠷᠦᠩᠬᠡᠶᠢᠯᠡᠭᠴᠢ ᠠᠨᠳ᠋ᠵᠧ ᠳ᠋ᠤᠳᠠ ᠲᠠᠢ ᠬᠦᠰᠡᠯᠲᠡ ᠶᠢᠨ ᠬᠢᠨᠢ ᠳᠠᠭᠠᠤ ᠤᠲᠠᠰᠤ ᠪᠠᠷ ᠶᠠᠷᠢᠵᠤ᠂ ᠬᠤᠶᠠᠷ ᠣᠷᠣᠨ ᠤ ᠬᠠᠷᠢᠯᠴᠠᠭ᠎ᠠ᠂ ᠬᠠᠮᠲᠤ ᠶᠢᠨ ᠠᠵᠢᠯᠯᠠᠭᠠᠨ ᠤ ᠣᠯᠠᠨ ᠲᠠᠯᠠᠲᠤ ᠠᠰᠠᠭᠤᠳᠠᠯ ᠢᠶᠠᠷ ᠰᠠᠨᠠᠯ ᠰᠣᠯᠢᠯᠴᠠᠯ᠎ᠠ᠃

ᠲᠤᠬᠠᠶᠢᠯᠠᠪᠠᠯ᠂ ᠬᠤᠶᠠᠷ ᠲᠠᠯ᠎ᠠ ᠶᠢᠨ ᠶᠠᠷᠢᠶ᠎ᠠ ᠬᠡᠯᠡᠯᠴᠡᠭᠡᠨ ᠤ ᠮᠧᠬᠠᠨᠢᠰᠮ ᠪᠣᠯᠬᠤ ᠮᠣᠩᠭᠤᠯ᠂ ᠫᠤᠯᠠᠨᠳ᠋ ᠤᠨ ᠵᠠᠰᠠᠭ ᠤᠨ ᠭᠠᠵᠠᠷ ᠬᠤᠭᠤᠷᠤᠨᠳᠤ ᠶᠢᠨ ᠬᠠᠮᠲᠤᠷᠠᠭᠰᠠᠨ ᠺᠣᠮᠢᠰ᠂ ᠭᠠᠳᠠᠭᠠᠳᠤ ᠬᠠᠷᠢᠯᠴᠠᠭᠠᠨ ᠤ ᠶᠠᠮᠤᠨ ᠬᠤᠭᠤᠷᠤᠨᠳᠤ ᠶᠢᠨ ᠤᠯᠤᠰ ᠲᠥᠷᠦ ᠶᠢᠨ ᠵᠥᠪᠯᠡᠯᠳᠦᠬᠦ ᠠᠭᠤᠯᠵᠠᠯᠲᠠ ᠶᠢᠨ ᠦᠷ᠎ᠡ ᠳ᠋ᠦᠩ ᠢ ᠰᠠᠶᠢᠰᠢᠶᠠᠵᠤ᠂ ᠤᠯᠤᠰ ᠣᠷᠣᠨ ᠤ ᠬᠥᠭᠵᠢᠯ ᠤᠨ ᠵᠣᠷᠢᠯᠲᠠ ᠪᠠᠨ ᠬᠡᠷᠡᠭᠵᠢᠭᠦᠯᠬᠦ ᠳᠤ ᠬᠤᠪᠢ ᠨᠡᠮᠡᠷᠢ ᠪᠠᠨ ᠣᠷᠣᠭᠤᠯᠤᠨ᠎ᠠ ᠭᠡᠳᠡᠭ ᠲᠤ ᠢᠲᠡᠭᠡᠵᠦ ᠪᠠᠶᠢᠭ᠎ᠠ ᠪᠠᠨ ᠢᠯᠡᠷᠬᠡᠶᠢᠯᠡᠪᠡ᠃
ᠤ᠊ · ᠬᠦᠷᠡᠯᠰᠦ᠋ᠬᠡ ᠢᠷᠭᠡᠳ ᠬᠤᠭᠤᠷᠤᠨᠳᠤ ᠶᠢᠨ ᠬᠠᠷᠢᠯᠴᠠᠭ᠎ᠠ ᠶᠢ ᠴᠢᠬᠤᠯᠠᠴᠢᠯᠠᠵᠤ ᠪᠠᠶᠢᠳᠠᠭ ᠢᠶᠠᠨ ᠣᠨᠴᠠᠯᠠᠵᠤ᠂ ᠫᠤᠯᠠᠨᠳ᠋ ᠤᠨ ᠲᠥᠷᠦ᠂ ᠵᠠᠰᠠᠭ᠂ ᠠᠷᠠᠳ ᠲᠦᠮᠡᠨ ᠲᠤᠰ ᠤᠯᠤᠰ ᠲᠤ ᠰᠤᠷᠤᠯᠴᠠᠬᠤ᠂ ᠠᠵᠢᠯᠯᠠᠵᠤ᠂ ᠠᠮᠢᠳᠤᠷᠠᠵᠤ ᠪᠤᠶ ᠮᠣᠩᠭᠤᠯ ᠢᠷᠭᠡᠳ ᠲᠤ ᠪᠠᠶᠢᠩᠭᠤ ᠳᠡᠮᠵᠢᠯᠭᠡ ᠦᠵᠡᠭᠦᠯᠵᠦ ᠢᠷᠡᠭᠰᠡᠨ ᠳᠤ ᠲᠠᠯᠠᠷᠬᠠᠯ ᠢᠯᠡᠷᠬᠡᠢᠯᠡᠯ᠎ᠡ᠃

ᠰᠡᠳᠬᠢᠭᠳᠡᠯ ᠦᠯᠡᠳᠡᠭᠡᠬᠦ