ᠠᠶᠢᠮᠠᠭ ᠤᠨ ᠠᠪᠤᠷᠭᠤ ᠲᠣᠭᠤᠭᠠᠴᠢ ᠰᠢᠯᠭᠠᠷᠠᠭᠤᠯᠵᠠᠢ | News.MN

ᠠᠶᠢᠮᠠᠭ ᠤᠨ ᠠᠪᠤᠷᠭᠤ ᠲᠣᠭᠤᠭᠠᠴᠢ ᠰᠢᠯᠭᠠᠷᠠᠭᠤᠯᠵᠠᠢ

ᠪᠠᠶᠠᠩᠬᠤᠩᠭᠤᠷ ᠠᠶᠢᠮᠠᠭ ᠤᠨ  ᠵᠠᠰᠠᠭ ᠳᠠᠷᠤᠭ᠎ᠠ ᠶᠢᠨ ᠲᠠᠮᠠᠭ᠎ᠠ ᠶᠢᠨ ᠭᠠᠵᠠᠷ᠂ ᠡᠷᠡᠭᠦᠯ ᠮᠡᠨᠳᠦ ᠶᠢᠨ ᠭᠠᠵᠠᠷ᠂ ᠬᠤᠳᠠᠯᠳᠤᠭ᠎ᠠ ᠠᠵᠤ ᠦᠢᠯᠡᠳᠪᠦᠷᠢ ᠶᠢᠨ ᠲᠥᠪ᠂ ᠮᠣᠩᠭᠣᠯ ᠤᠨ ᠮᠠᠰᠲ᠋ᠧᠷ  ᠲᠤᠭᠤᠭᠠᠴᠢᠳ ᠤᠨ ᠬᠤᠯᠪᠣᠭ᠎ᠠ ᠲᠠᠢ ᠬᠠᠮᠲᠤᠷᠠᠨ ᠡᠨᠡ ᠰᠠᠷ᠎ᠠ ᠶᠢᠨ 12 ᠤ ᠡᠳᠦᠷ︽ᠠᠶᠢᠮᠠᠭ ᠤᠨ ᠠᠪᠤᠷᠭᠤ ᠲᠣᠭᠤᠭᠠᠴᠢ︾ᠰᠢᠯᠭᠠᠷᠠᠭᠤᠯᠬᠤ ᠤᠷᠤᠯᠳᠤᠭᠠᠨ ᠢ ᠵᠣᠬᠢᠶᠠᠨ ᠪᠠᠢᠭᠤᠯᠵᠠᠢ᠃ ᠤᠷᠤᠯᠳᠤᠭᠠᠨ ᠨᠢ ᠪᠠᠶᠠᠩᠬᠤᠩᠭᠤᠷ ᠠᠶᠢᠮᠠᠭ ᠤᠨ ᠬᠤᠭᠤᠯᠠ ᠦᠶᠯᠡᠳᠪᠦᠷᠢᠯᠡᠯ ᠦᠢᠯᠡᠴᠢᠯᠡᠭᠡᠨ ᠤ ᠭᠠᠵᠠᠷ ᠤᠳ ᠲᠤ ᠠᠵᠢᠯᠯᠠᠵᠤ ᠪᠤᠶ ᠮᠡᠷᠭᠡᠵᠢᠯ ᠤᠨ ᠲᠣᠭᠤᠭᠠᠴᠢ ᠨᠠᠷ ᠤᠨ ᠤᠷ᠎ᠠ ᠴᠢᠳᠠᠪᠤᠷᠢ᠂ ᠴᠢᠳᠠᠮᠵᠢ ᠶᠢ ᠳᠡᠭᠡᠭᠰᠢᠯᠡᠭᠦᠯᠬᠦ᠂ ᠣᠷᠣᠨ ᠨᠤᠲᠤᠭ ᠤᠨ ᠣᠨᠴᠠᠯᠢᠭ ᠲᠠᠢ ᠪᠷᠧᠨ᠋ᠳ᠋ ᠬᠤᠭᠤᠯᠠ᠂ ᠤᠮᠳᠠᠭ᠎ᠠ ᠶᠢ ᠰᠢᠯᠭᠠᠷᠠᠭᠤᠯᠬᠤ᠂ ᠬᠠᠷᠢᠯᠴᠠᠨ ᠲᠤᠷᠰᠢᠯᠭ᠎ᠠ ᠰᠣᠯᠢᠯᠴᠠᠬᠤ ᠵᠣᠷᠢᠯᠭ᠎ᠠ ᠲᠠᠢ᠃
ᠡᠨᠡ ᠤᠳᠠᠭ᠎ᠠ ᠶᠢᠨ ᠤᠷᠤᠯᠳᠤᠭᠠᠨ ᠳᠤ ᠵᠣᠭᠤᠭ ᠤᠨ ᠭᠠᠵᠠᠷ᠂ ᠺᠠᠹᠧ᠂ ᠴᠠᠢ ᠶᠢᠨ ᠭᠠᠵᠠᠷ᠂ ᠡᠮᠨᠡᠯᠭᠡ ᠰᠤᠪᠢᠯᠠᠯ᠂ ᠰᠤᠷᠭᠠᠭᠤᠯᠢ᠂ ᠴᠡᠴᠡᠷᠯᠢᠭ ᠤᠨ ᠲᠣᠭᠤᠭᠠᠴᠢ᠂ ᠲᠠᠯᠬ᠎ᠠ᠂ ᠨᠡᠷᠢᠠ ᠪᠣᠤᠪᠣ ᠶᠢᠨ ᠲᠥᠷᠥᠯ ᠢᠶᠠᠷ ᠨᠡᠶᠢᠲᠡ 50 ᠭᠠᠷᠦᠢ ᠲᠣᠭᠤᠭᠠᠴᠢ ᠣᠷᠣᠯᠴᠠᠵᠤ ᠠᠪᠤᠷᠭᠤ ᠶᠢᠨ ᠲᠥᠯᠥᠭᠡ  ᠦᠷᠢᠰᠦᠯᠳᠦᠵᠡᠢ᠃

ᠰᠡᠳᠬᠢᠭᠳᠡᠯ ᠦᠯᠡᠳᠡᠭᠡᠬᠦ