︽ᠺᠠᠨᠰᠠᠲ - 2022︾ᠦᠨᠳᠦᠰᠦᠨ ᠤ ᠲᠠᠪᠤᠳᠤᠭᠠᠷ ᠲᠡᠮᠡᠴᠡᠭᠡᠨ ᠪᠤᠯᠵᠤ ᠪᠠᠢᠨ᠎ᠠ | News.MN

︽ᠺᠠᠨᠰᠠᠲ – 2022︾ᠦᠨᠳᠦᠰᠦᠨ ᠤ ᠲᠠᠪᠤᠳᠤᠭᠠᠷ ᠲᠡᠮᠡᠴᠡᠭᠡᠨ ᠪᠤᠯᠵᠤ ᠪᠠᠢᠨ᠎ᠠ

ᠮᠣᠩᠭᠤᠯ ᠤᠯᠤᠰ ᠲᠤ ᠰᠠᠨᠰᠠᠷ ᠤᠨ ᠲᠧᠭᠨᠣᠯᠣᠭᠢ ᠶᠢ ᠬᠥᠭᠵᠢᠭᠦᠯᠬᠦ᠂ ᠰᠠᠯᠪᠤᠷᠢ ᠶᠢᠨ ᠬᠥᠮᠥᠨ ᠤ ᠨᠥᠭᠡᠴᠡ ᠶᠢ ᠪᠠᠬᠢᠵᠢᠭᠦᠯᠬᠦ᠂ ᠬᠡᠦᠬᠡᠳ ᠵᠠᠯᠠᠭᠤᠰ᠂ ᠢᠨᠵᠧᠨᠧᠷ᠂ ᠰᠤᠳᠤᠯᠤᠭᠠᠴᠢᠳ ᠪᠤᠯᠦᠠ ᠨᠡᠶᠢᠭᠡᠮ᠂ ᠣᠯᠠᠨ ᠨᠡᠶᠢᠲᠡ ᠳᠤ ᠰᠢᠨᠵᠢᠯᠡᠬᠦ ᠤᠬᠠᠭᠠᠨ ᠢ ᠵᠥᠪ ᠲᠠᠨᠢᠭᠤᠯᠤᠨ ᠰᠤᠷᠲᠠᠯᠴᠢᠯᠠᠬᠤ᠂ ᠲᠦᠭᠡᠭᠡᠨ ᠳᠡᠯᠭᠡᠷᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ︽ᠺᠠᠨᠰᠠᠲ – 2022︾ᠦᠨᠳᠦᠰᠦᠨ ᠤ ᠲᠠᠪᠤᠳᠤᠭᠠᠷ ᠲᠡᠮᠡᠴᠡᠭᠡᠨ ᠦᠷᠭᠦᠯᠵᠢᠯᠡᠵᠦ ᠪᠠᠶᠢᠨ᠎ᠡ᠃ ᠲᠡᠮᠡᠴᠡᠭᠡᠨ ᠳᠤ  ᠮᠣᠩᠭᠤᠯ ᠤᠯᠤᠰ ᠤᠨ ᠶᠡᠭᠡ ᠰᠤᠷᠭᠠᠭᠤᠯᠢ᠂  ᠰᠢᠨᠵᠢᠯᠡᠬᠦ ᠤᠬᠠᠭᠠᠨ ᠲᠧᠻᠨᠣᠯᠣᠭᠢ ᠶᠢᠨ ᠶᠡᠭᠡ ᠰᠤᠷᠭᠠᠭᠤᠯᠢ᠂  ᠬᠥᠳᠡᠭᠡ ᠠᠵᠤ ᠠᠬᠤᠢ ᠶᠢᠨ ᠶᠡᠭᠡ ᠰᠤᠷᠭᠠᠭᠤᠯᠢ᠂ ᠰᠢᠨ᠎ᠡ ᠮᠣᠩᠭᠤᠯ ᠵᠡᠷᠭᠡ ᠰᠤᠷᠭᠠᠭᠤᠯᠢ ᠠᠴᠠ ᠪᠦᠷᠢᠳᠦᠭᠰᠡᠨ ᠨᠡᠶᠢᠲᠡ 15 ᠪᠠᠭ ᠣᠷᠣᠯᠴᠠᠵᠤ ᠪᠤᠶ᠃

ᠲᠤᠰ ᠲᠡᠮᠡᠴᠡᠭᠡᠨ ᠳᠤ ᠪᠠᠭ ᠤᠳ ᠣᠷᠣᠯᠴᠠᠬᠤ ᠠᠴᠠ ᠡᠮᠦᠨ᠎ᠡ ᠴᠢᠭᠯᠡᠬᠦᠯᠬᠦ  ᠰᠤᠷᠭᠠᠯᠲᠠ ᠳᠤ ᠬᠠᠮᠤᠷᠤᠭᠳᠠᠵᠤ᠂ ᠤᠷᠢᠳᠴᠢᠯᠠᠭᠰᠠᠨ ᠪᠤᠯᠦᠠ ᠰᠢᠶᠳᠪᠦᠷᠢᠯᠡᠬᠦ ᠵᠠᠭᠪᠤᠷ ᠤᠨ ᠬᠡᠯᠡᠯᠴᠡᠭᠦᠯᠭᠡ᠂ ᠨᠢᠰᠬᠦ ᠪᠠᠶᠢᠳᠠᠯ ᠤᠨ ᠬᠡᠯᠡᠯᠴᠡᠭᠦᠯᠭᠡ ᠳᠤ ᠣᠷᠣᠯᠴᠠᠵᠤ᠂ ᠣᠨᠤᠭ᠎ᠠ ᠴᠤᠭᠯᠠᠭᠤᠯᠬᠤ ᠲᠦᠷᠢᠮ ᠲᠠᠢ ᠃ ᠡᠨᠡ ᠳᠠᠭᠠᠤ ᠰᠢᠶᠳᠪᠦᠷᠢᠯᠡᠬᠦ ᠵᠠᠭᠪᠤᠷ ᠤᠨ ᠬᠡᠯᠡᠯᠴᠡᠭᠦᠯᠭᠡ ᠶᠢᠨ ᠺᠠᠨᠰᠠᠲ ᠲᠥᠷᠥᠯ ᠳᠤ︽NUMSAT︾ᠪᠠᠭ 13.2 ᠤᠨᠤᠭ᠎ᠠ ᠪᠠᠷ ᠲᠡᠷᠢᠭᠦᠯᠡᠭᠰᠡᠨ ᠪᠣᠯ ᠪᠤᠴᠠᠭᠴᠢ ᠲᠥᠷᠥᠯ ᠳᠤ︽ᠠᠷᠪᠠᠲᠤ︾ᠪᠠᠭ 12.5  ᠤᠨᠤᠭ᠎ᠠ ᠪᠠᠷ ᠲᠦᠷᠦᠭᠦᠯᠡᠵᠡᠢ᠃

ᠰᠡᠳᠬᠢᠭᠳᠡᠯ ᠦᠯᠡᠳᠡᠭᠡᠬᠦ