ᠡᠷᠦᠬᠡ ᠶᠢᠨ ᠰᠠᠷ᠎ᠠ ᠶᠢᠨ ᠳᠤᠮᠳᠠᠴᠢ ᠣᠷᠣᠯᠭ᠎ᠠ 1.2 ᠰᠠᠶ᠎ᠠ ᠲᠥᠭᠦᠷᠢᠭ ᠪᠣᠯᠵᠠᠢ | News.MN

ᠡᠷᠦᠬᠡ ᠶᠢᠨ ᠰᠠᠷ᠎ᠠ ᠶᠢᠨ ᠳᠤᠮᠳᠠᠴᠢ ᠣᠷᠣᠯᠭ᠎ᠠ 1.2 ᠰᠠᠶ᠎ᠠ ᠲᠥᠭᠦᠷᠢᠭ ᠪᠣᠯᠵᠠᠢ

ᠦᠨᠳᠦᠰᠦᠨ ᠤ ᠰᠲ᠋ᠠᠲ᠋ᠢᠰᠲ᠋ᠢᠺ ᠤᠨ ᠬᠤᠷᠢᠶᠠᠨ ᠤ ᠮᠡᠳᠡᠭᠳᠡᠯ ᠳᠤ᠄ ᠨᠢᠭᠡ ᠡᠷᠦᠬᠡ ᠶᠢᠨ ᠰᠠᠷ᠎ᠠ ᠶᠢᠨ ᠳᠤᠮᠳᠠᠴᠢ ᠪᠣᠳᠠᠲᠤ ᠣᠷᠣᠯᠭ᠎ᠠ ᠶᠢᠨ ᠭᠡᠮᠵᠢᠶ᠎ᠠ 2022 ᠣᠨ ᠤ ᠨᠢᠭᠡᠳᠦᠭᠡᠷ ᠤᠯᠠᠷᠢᠯ ᠳᠤ 1.2  ᠰᠠᠶ᠎ᠠ ᠲᠥᠭᠦᠷᠢᠭ ᠪᠣᠯᠣᠭᠰᠠᠨ ᠃ ᠡᠨᠡ ᠨᠢ ᠡᠮᠦᠨᠡᠬᠢ ᠣᠨ ᠤ ᠮᠦᠠ ᠦᠶ᠎ᠡ ᠠᠴᠠ 85.8 ᠮᠢᠩᠭᠠᠨ ᠲᠥᠭᠦᠷᠢᠭ ᠢᠶᠠᠷ ᠨᠡᠮᠡᠭᠳᠡᠭᠰᠡᠨ ᠦᠵᠡᠭᠦᠯᠦᠯᠲᠡ ᠶᠤᠮ᠃ ᠣᠷᠣᠯᠭ᠎ᠠ ᠶᠢᠨ ᠭᠡᠮᠵᠢᠶ᠎ᠠ ᠡᠮᠦᠨᠡᠬᠢ ᠣᠨ ᠤ ᠮᠦᠠ ᠦᠶ᠎ᠡ ᠠᠴᠠ 7.6 ᠬᠤᠪᠢ ᠪᠠᠷ ᠨᠡᠮᠡᠭᠳᠡᠬᠦ ᠳᠤ ᠲᠡᠳᠬᠦᠪᠦᠷᠢ᠂ ᠲᠡᠳᠬᠦᠮᠵᠢ ᠶᠢᠨ ᠪᠣᠳᠠᠲᠤ ᠣᠷᠣᠯᠭ᠎ᠠ 49.6 ᠮᠢᠩᠭᠠᠨ ᠲᠥᠭᠦᠷᠢᠭ ᠢᠶᠠᠷ ᠨᠡᠮᠡᠭᠳᠡᠭᠰᠡᠨ ᠨᠢ ᠭᠤᠣᠯᠯᠠᠨ ᠨᠥᠯᠥᠭᠡᠯᠡᠵᠡᠢ᠃
ᠡᠷᠦᠬᠡ ᠶᠢᠨ ᠰᠠᠷ᠎ᠠ ᠶᠢᠨ ᠳᠤᠮᠳᠠᠴᠢ ᠮᠥᠩᠭᠦᠨ ᠣᠷᠣᠯᠭ᠎ᠠ ᠨᠢ 2022 ᠣᠨ ᠤ ᠨᠢᠭᠡᠳᠦᠭᠡᠷ ᠤᠯᠠᠷᠢᠯ ᠳᠤ 1.6  ᠰᠠᠶ᠎ᠠ ᠲᠥᠭᠦᠷᠢᠭ ᠪᠣᠯᠵᠤ᠂ ᠡᠮᠦᠨᠡᠬᠢ ᠣᠨ ᠤ ᠮᠦᠠ ᠦᠶ᠎ᠡ ᠠᠴᠠ 307.7 ᠮᠢᠩᠭᠠᠨ ᠲᠥᠭᠦᠷᠢᠭ ᠢᠶᠠᠷ ᠨᠡᠮᠡᠭᠳᠡᠭᠰᠡᠨ᠃ ᠡᠭᠦᠨ ᠳᠤ ᠲᠡᠳᠬᠦᠪᠦᠷᠢ᠂ ᠲᠡᠳᠬᠦᠮᠵᠢ ᠶᠢᠨ ᠣᠷᠣᠯᠭ᠎ᠠ 125.2 ᠮᠢᠩᠭᠠᠨ ᠲᠥᠭᠦᠷᠢᠭ ᠢᠶᠠᠷ᠂ ᠴᠠᠯᠢᠩ ᠬᠥᠯᠥᠰᠦᠨ ᠤ ᠣᠷᠣᠯᠭ᠎ᠠ 97.5 ᠮᠢᠩᠭᠠᠨ ᠲᠥᠭᠦᠷᠢᠭ ᠢᠶᠠᠷ ᠨᠡᠮᠡᠭᠳᠡᠭᠰᠡᠨ ᠨᠢ ᠨᠥᠯᠥᠭᠡᠯᠡᠭᠰᠡᠨ ᠪᠠᠶᠢᠨ᠎ᠡ ᠭᠡᠵᠡᠢ᠃

ᠰᠡᠳᠬᠢᠭᠳᠡᠯ ᠦᠯᠡᠳᠡᠭᠡᠬᠦ