ᠤᠯᠤᠰ ᠤᠨ ᠶᠡᠭᠡ ᠬᠤᠷᠠᠯ ᠤᠨ ᠴᠢᠭᠤᠯᠭᠠᠨ ᠤ ᠨᠢᠭᠡᠳᠦᠭᠰᠡᠨ ᠬᠤᠷᠠᠯᠳᠤᠭᠠᠨ ᠢᠶᠠᠷ ᠵᠠᠰᠠᠭ ᠤᠨ ᠭᠠᠵᠠᠷ ᠤᠨ ᠥᠷᠢ ᠶᠢᠨ ᠤᠳᠤᠷᠢᠳᠤᠯᠭ᠎ᠠ ᠶᠢᠨ 2019-2022 ᠣᠨ ᠤ ᠰᠲᠷᠠᠲ᠋ᠧᠭᠢ ᠶᠢᠨ ᠪᠣᠳᠣᠯᠭ᠎ᠠ ᠶᠢᠨ ᠪᠠᠷᠢᠮᠲᠠ ᠪᠢᠴᠢᠭ ᠤᠨ ᠬᠡᠷᠡᠭᠵᠢᠯᠲᠡ ᠲᠠᠢ ᠲᠠᠨᠢᠯᠴᠠᠯ᠎ᠠ᠃ ᠡᠭᠦᠨ ᠤ ᠳᠠᠷᠠᠭ᠎ᠠ ᠤᠯᠤᠰ ᠤᠨ ᠶᠡᠭᠡ ᠬᠤᠷᠠᠯ ᠤᠨ ᠳᠠᠷᠤᠭ᠎ᠠ ᠬ᠋᠊ · ᠽᠠᠨᠳᠠᠨᠰᠢᠲᠠᠷ᠎ᠠ᠄ ᠥᠷᠢᠨ ᠳᠤ ᠪᠠᠷᠢᠭᠳᠠᠭᠰᠠᠨ ᠬᠥᠮᠦᠨ ᠥᠲᠥᠨ ᠳᠤ ᠢᠳᠡᠭᠳᠡᠭᠰᠡᠨ ᠢᠮᠠᠭ᠎ᠠ ᠲᠠᠢ ᠠᠳᠠᠯᠢᠬᠠᠨ ᠭᠡᠵᠦ ᠮᠣᠩᠭᠣᠯ ᠤᠨ ᠠᠷᠠᠳ ᠲᠦᠮᠡᠨ ᠶᠠᠷᠢᠳᠠᠭ᠃ ᠥᠷᠢ ᠶᠢᠨ ᠠᠰᠠᠭᠤᠳᠠᠯ ᠨᠠᠮ ᠪᠦᠯᠦᠭ᠂ ᠨᠠᠶᠢᠵᠠ ᠨᠥᠬᠦᠳ ᠤᠨ ᠠᠰᠠᠭᠤᠳᠠᠯ ᠪᠢᠰᠢ᠃ ᠡᠨᠡ ᠪᠣᠯ ᠵᠥᠪᠬᠡᠨ ᠰᠣᠩᠭᠤᠭᠤᠯᠢ ᠶᠢᠨ ᠠᠰᠠᠭᠤᠳᠠᠯ ᠪᠢᠰᠢ᠃ ᠡᠬᠡ ᠣᠷᠣᠨ ᠤ ᠬᠤᠪᠢ ᠵᠠᠶᠠᠭ᠎ᠠ ᠲᠠᠢ᠂ ᠡᠳ᠋ ᠤᠨ ᠵᠠᠰᠠᠭ ᠤᠨ ᠠᠶᠤᠯᠭᠦᠢ ᠪᠠᠶᠢᠳᠠᠯ ᠲᠠᠢ ᠬᠤᠯᠪᠣᠭ᠎ᠠ ᠲᠠᠢ ᠠᠰᠠᠭᠤᠳᠠᠯ ᠤᠴᠢᠷ ᠠᠴᠠ ᠡᠭᠦᠨ ᠳᠤ ᠣᠨᠴᠤᠭᠤᠢ ᠠᠩᠬᠠᠷᠤᠯ ᠬᠠᠨᠳᠦᠭᠤᠯᠬᠤ ᠶᠣᠰᠤᠲᠠᠶ᠃
ᠮᠠᠨ ᠤ ᠤᠯᠤᠰ 2011 ᠣᠨ ᠳᠤ 9.7 ᠲᠡᠷᠪᠤᠮ ᠳ᠋ᠣᠯᠯᠠᠷ ᠤᠨ ᠭᠠᠳᠠᠭᠠᠳᠤ ᠥᠷᠢ ᠲᠠᠢ ᠪᠠᠶᠢᠭᠰᠠᠨ ᠪᠣᠯ ᠣᠳᠤ 33 ᠲᠡᠷᠪᠤᠮ ᠳ᠋ᠣᠯᠯᠠᠷ ᠤᠨ ᠥᠷᠢ ᠲᠠᠢ ᠪᠣᠯᠴᠢᠬᠠᠭᠰᠠᠨ ᠪᠠᠶᠢᠨ᠎ᠡ᠃ ᠵᠠᠰᠠᠭ ᠤᠨ ᠭᠠᠵᠠᠷ ᠤᠨ ᠦᠷᠢ ᠯᠡ ᠬᠠᠮᠢᠶ᠎ᠠ ᠲᠠᠢ ᠨᠡᠶᠢᠲᠡ ᠤᠯᠤᠰ ᠤᠨ ᠥᠷᠢ ᠬᠠᠮᠢᠶ᠎ᠠ ᠦᠭᠡᠢ ᠶᠠᠭᠤᠮ᠎ᠠ ᠰᠢᠭ᠋ ᠶᠠᠷᠢᠭᠠᠳ ᠪᠠᠶᠢᠬᠤ ᠶᠤᠮ᠃ ᠪᠦᠭᠦᠳᠡ ᠶᠢ ᠨᠢ ᠳᠣᠲᠤᠭᠠᠳᠤ ᠵᠠᠬ᠎ᠠ ᠵᠡᠭᠡᠯᠢ ᠠᠴᠠ ᠳ᠋ᠣᠯᠯᠠᠷ ᠴᠤᠭᠯᠠᠭᠤᠯᠵᠤ ᠲᠥᠯᠥᠨ᠎ᠡ ᠰᠢᠦ ᠳ᠋ᠧ᠃ ᠡᠨᠡ ᠠᠰᠠᠭᠤᠳᠠᠯ ᠢ ᠴᠡᠭᠴᠡᠯᠡᠬᠦ ᠦᠭᠡᠢ ᠪᠣᠯ ᠦᠨᠳᠦᠰᠦᠨ ᠤ ᠠᠶᠤᠯᠭᠦᠢ ᠪᠠᠶᠢᠳᠠᠯ᠂ ᠡᠳ᠋ ᠤᠨ ᠵᠠᠰᠠᠭ ᠤᠨ ᠠᠶᠤᠯᠭᠦᠢ ᠪᠠᠶᠢᠳᠠᠯ ᠤᠨ ᠬᠠᠮᠤᠬ ᠤᠨ ᠲᠤᠯᠭᠠᠮᠳᠠᠭᠰᠠᠨ ᠠᠰᠠᠭᠤᠳᠠᠯ ᠪᠣᠯᠣᠭᠠᠳ ᠪᠠᠶᠢᠨ᠎ᠡ᠃ ᠡᠪᠦᠭᠡ ᠳᠡᠭᠡᠳᠦᠰ ᠤᠨ ᠦᠯᠡᠳᠡᠭᠡᠭᠰᠡᠨ ᠭᠠᠵᠠᠷ ᠰᠢᠷᠤᠢ ᠶᠢᠨ ᠪᠠᠶᠠᠯᠢᠭ ᠢᠶᠠᠷ ᠪᠢᠳᠡ ᠥᠨᠥᠳᠥᠷ ᠮᠡᠷᠭᠠᠰᠢ ᠪᠠᠨ ᠠᠷᠭᠠᠴᠠᠭᠠᠵᠤ ᠪᠠᠶᠢᠨ᠎ᠡ᠃ ᠡᠨᠡ ᠪᠣᠯ ᠢᠷᠡᠭᠡᠳᠦᠶ ᠬᠤᠶᠢᠴᠢ ᠦᠶ᠎ᠡ ᠳᠡᠭᠡᠨ ᠮᠠᠰᠢ ᠲᠣᠮᠤ ᠡᠷᠡᠰᠳᠡᠯ ᠢ ᠪᠤᠢ ᠪᠣᠯᠭᠠᠵᠤ ᠪᠤᠶ ᠶᠠᠪᠤᠳᠠᠯ ᠭᠡᠯᠡ᠃