ᠶᠠ᠊ ·ᠰᠣᠳᠣᠪᠠᠭᠠᠲᠤᠷ ᠬᠤᠢᠲᠤ ᠰᠣᠯᠣᠩᠭᠤᠰ ᠤᠨ ᠡᠯᠴᠢᠨ ᠰᠠᠶᠢᠳ ᠢ ᠬᠦᠯᠢᠶᠡᠨ ᠠᠪᠴᠤ ᠠᠭᠤᠯᠵᠠᠯ᠎ᠠ | News.MN

ᠶᠠ᠊ ·ᠰᠣᠳᠣᠪᠠᠭᠠᠲᠤᠷ ᠬᠤᠢᠲᠤ ᠰᠣᠯᠣᠩᠭᠤᠰ ᠤᠨ ᠡᠯᠴᠢᠨ ᠰᠠᠶᠢᠳ ᠢ ᠬᠦᠯᠢᠶᠡᠨ ᠠᠪᠴᠤ ᠠᠭᠤᠯᠵᠠᠯ᠎ᠠ

ᠮᠣᠩᠭᠤᠯ ᠤᠯᠤᠰ ᠤᠨ ᠶᠡᠷᠦᠩᠬᠡᠶᠢᠯᠡᠭᠴᠢ ᠶᠢᠨ ᠲᠠᠮᠠᠭ᠎ᠠ ᠶᠢᠨ ᠭᠠᠵᠠᠷ ᠤᠨ ᠳᠠᠷᠤᠭ᠎ᠠ ᠶᠠ᠊ ·ᠰᠣᠳᠣᠪᠠᠭᠠᠲᠤᠷ ᠪᠦᠬᠦᠳᠠ ᠨᠠᠶᠢᠷᠠᠮᠳᠠᠬᠤ ᠠᠷᠠᠳᠴᠢᠯᠠᠭᠰᠠᠨ ᠰᠤᠯᠦᠩᠭᠤᠰ ᠠᠷᠠᠳ ᠤᠯᠤᠰ  ᠠᠴᠠ ᠮᠣᠩᠭᠤᠯ ᠤᠯᠤᠰ ᠲᠤ ᠰᠠᠭᠤᠭ᠎ᠠ ᠡᠯᠴᠢᠨ ᠰᠠᠶᠢᠳ ᠣ ᠰᠢᠨ ᠬᠤᠤ   ᠶᠢ ᠬᠦᠯᠢᠶᠡᠨ ᠠᠪᠴᠤ ᠠᠭᠤᠯᠵᠠᠯ᠎ᠠ᠃  ᠲᠡᠷᠡ ᠮᠣᠩᠭᠤᠯ ᠤᠯᠤᠰ᠂  ᠪᠦᠭᠦᠳᠡ ᠨᠠᠶᠢᠷᠠᠮᠳᠠᠬᠤ ᠠᠷᠠᠳᠴᠢᠯᠠᠭᠰᠠᠨ ᠰᠣᠯᠣᠩᠭᠤᠰ ᠠᠷᠠᠳ ᠤᠯᠤᠰ ᠨᠢ ᠤᠯᠠᠮᠵᠢᠯᠠᠯᠲᠤ ᠨᠠᠶᠢᠷᠰᠠᠭ ᠬᠠᠷᠢᠯᠴᠠᠭ᠎ᠠ ᠲᠠᠢ ᠪᠥᠭᠡᠳ ᠬᠠᠷᠢᠯᠴᠠᠭ᠎ᠠ ᠶᠢ ᠴᠢᠨᠠᠭᠰᠢᠳᠠ ᠴᠤ ᠲᠣᠭᠲᠠᠪᠤᠷᠢᠲᠠᠶ ᠬᠥᠭᠵᠢᠭᠦᠯᠬᠦ ᠶᠢᠨ ᠲᠥᠯᠥᠭᠡ ᠪᠠᠶᠢᠭ᠎ᠠ ᠶᠢ ᠢᠯᠡᠷᠬᠡᠶᠢᠯᠡᠪᠡ᠃ ᠮᠦᠨ ᠪᠦᠭᠦᠳᠡ ᠨᠠᠶᠢᠷᠠᠮᠳᠠᠬᠤ ᠠᠷᠠᠳᠴᠢᠯᠠᠭᠰᠠᠨ ᠰᠣᠯᠣᠩᠭᠤᠰ ᠠᠷᠠᠳ ᠤᠯᠤᠰ   ᠲᠤ COVID – 19  ᠴᠠᠷ᠎ᠠ   ᠲᠠᠬᠤᠯ ᠤᠨ ᠬᠠᠯᠳᠠᠪᠤᠷᠢ ᠲᠠᠷᠬᠠᠵᠤ᠂ ᠨᠥᠬᠦᠴᠡᠯ ᠪᠠᠶᠢᠳᠠᠯ ᠬᠦᠨᠳᠦᠷᠡᠵᠦ ᠪᠠᠢᠭ᠎ᠠ ᠳᠤ ᠰᠠᠨᠠᠭ᠎ᠠ ᠵᠣᠪᠠᠨᠢᠵᠤ ᠪᠠᠶᠢᠭ᠎ᠠ ᠪᠠᠨ ᠢᠯᠡᠷᠬᠡᠶᠢᠯᠡᠵᠦ᠂ ᠮᠣᠩᠭᠤᠯ ᠤᠯᠤᠰ ᠤᠨ ᠲᠥᠷᠦ᠂ ᠵᠠᠰᠠᠭ  ᠪᠦᠭᠦᠳᠡ ᠨᠠᠶᠢᠷᠠᠮᠳᠠᠬᠤ ᠠᠷᠠᠳᠴᠢᠯᠠᠭᠰᠠᠨ ᠰᠣᠯᠣᠩᠭᠤᠰ ᠠᠷᠠᠳ ᠤᠯᠤᠰ   ᠲᠤ ᠬᠦᠮᠦᠯᠢᠭ ᠤᠨ ᠲᠤᠰᠠᠯᠠᠮᠵᠢ ᠦᠵᠡᠭᠦᠯᠬᠦ ᠳᠤ ᠪᠡᠯᠡᠨ ᠪᠠᠶᠢᠭ᠎ᠠ ᠶᠢ ᠬᠡᠯᠡᠪᠡ᠃

ᠡᠯᠴᠢᠨ ᠰᠠᠶᠢᠳ ᠣ ᠰᠢᠨ ᠬᠤᠤ  ᠪᠦᠭᠦᠳᠡ ᠨᠠᠶᠢᠷᠠᠮᠳᠠᠬᠤ ᠠᠷᠠᠳᠴᠢᠯᠠᠭᠰᠠᠨ ᠰᠣᠯᠣᠩᠭᠤᠰ ᠠᠷᠠᠳ ᠤᠯᠤᠰ᠂ ᠮᠣᠩᠭᠤᠯ ᠤᠯᠤᠰ ᠤᠨ ᠦᠶ᠎ᠡ ᠦᠶ᠎ᠡ ᠶᠢᠨ ᠲᠥᠷᠦ᠂ ᠵᠠᠰᠠᠭ ᠤᠨ ᠲᠡᠷᠢᠬᠦᠠ ᠨᠠᠷ ᠪᠣᠯᠤᠨ  ᠪᠦᠭᠦᠳᠡ ᠨᠠᠶᠢᠷᠠᠮᠳᠠᠬᠤ ᠠᠷᠠᠳᠴᠢᠯᠠᠭᠰᠠᠨ ᠰᠣᠯᠣᠩᠭᠤᠰ ᠠᠷᠠᠳ ᠤᠯᠤᠰ  ᠤᠨ ᠲᠥᠷᠦ ᠶᠢᠨ ᠵᠥᠪᠯᠡᠯ ᠤᠨ ᠳᠠᠷᠤᠭ᠎ᠠ ᠺᠢᠮ ᠵᠣᠩ ᠤᠨ᠂ ᠮᠣᠩᠭᠤᠯ ᠤᠯᠤᠰ ᠤᠨ ᠶᠡᠷᠦᠩᠬᠡᠶᠢᠯᠡᠭᠴᠢ ᠤ᠊·ᠬᠦᠷᠡᠯᠰᠦ᠋ᠬᠡ ᠨᠠᠷ ᠬᠤᠶᠠᠷ ᠤᠯᠤᠰ ᠤᠨ ᠨᠠᠶᠢᠷᠰᠠᠭ ᠬᠠᠷᠢᠯᠴᠠᠭ᠎ᠠ ᠶᠢ ᠬᠥᠭᠵᠢᠭᠦᠯᠬᠦ ᠳᠤ ᠶᠡᠬᠡᠭᠡᠬᠡᠨ ᠬᠤᠪᠢ ᠨᠡᠮᠡᠷᠢ ᠣᠷᠣᠭᠤᠯᠵᠤ ᠢᠷᠡᠭᠰᠡᠨ ᠢ ᠲᠡᠮᠳᠡᠭᠯᠡᠯ᠎ᠡ᠃  ᠮᠦᠨ ᠮᠣᠩᠭᠤᠯ ᠤᠯᠤᠰ ᠤᠨ ᠲᠥᠷᠦ᠂ ᠵᠠᠰᠠᠭ᠂ ᠠᠷᠠᠳ ᠲᠦᠮᠡᠨ  ᠪᠦᠭᠦᠳᠡ ᠨᠠᠶᠢᠷᠠᠮᠳᠠᠬᠤ ᠠᠷᠠᠳᠴᠢᠯᠠᠭᠰᠠᠨ ᠰᠣᠯᠣᠩᠭᠤᠰ ᠠᠷᠠᠳ ᠤᠯᠤᠰ  ᠤᠨ ᠠᠷᠡᠦᠠ ᠢᠷᠭᠡᠳ ᠲᠤ ᠲᠤᠰᠠᠯᠠᠮᠵᠢ ᠶᠢᠨ ᠭᠠᠷ ᠢᠶᠠᠨ ᠰᠤᠩᠭᠠᠵᠤ᠂ ᠰᠡᠦᠡᠬᠢᠯ ᠰᠠᠨᠠᠭᠠᠨ ᠤ ᠳᠡᠮᠵᠢᠯᠭᠡ ᠦᠵᠡᠭᠦᠯᠬᠦ ᠪᠠᠨ ᠳ᠋ᠢᠫᠯᠤᠮᠠᠲ ᠱᠤᠭᠤᠮ ᠢᠶᠠᠷ ᠢᠯᠡᠷᠬᠡᠶᠢᠯᠡᠭᠰᠡᠨ ᠳᠤ ᠲᠠᠯᠠᠷᠬᠠᠵᠤ ᠪᠠᠶᠢᠭ᠎ᠠ ᠪᠠᠨ ᠬᠡᠯᠡᠪᠡ᠃

ᠰᠡᠳᠬᠢᠭᠳᠡᠯ ᠦᠯᠡᠳᠡᠭᠡᠬᠦ