ᠣᠯᠠᠨ ᠤᠯᠤᠰ ᠤᠨ ᠬᠤᠳᠠᠯᠳᠤᠭᠠᠨ ᠤ ᠲᠥᠪ ᠤᠨ ᠤᠳᠤᠷᠢᠳᠤᠯᠭ᠎ᠠ ᠲᠠᠢ ᠠᠭᠤᠯᠵᠠᠪᠠ | News.MN

ᠣᠯᠠᠨ ᠤᠯᠤᠰ ᠤᠨ ᠬᠤᠳᠠᠯᠳᠤᠭᠠᠨ ᠤ ᠲᠥᠪ ᠤᠨ ᠤᠳᠤᠷᠢᠳᠤᠯᠭ᠎ᠠ ᠲᠠᠢ ᠠᠭᠤᠯᠵᠠᠪᠠ

ᠮᠣᠩᠭᠤᠯ ᠤᠯᠤᠰ ᠠᠴᠠ  ᠨᠢᠭᠡᠳᠦᠭᠰᠡᠨ ᠦᠨᠳᠦᠰᠦᠨ ᠤ ᠪᠠᠶᠢᠭᠤᠯᠤᠯᠭ᠎ᠠ ᠶᠢᠨ ᠵᠧᠨ᠋ᠸᠧᠠ ᠳᠠᠬᠢ ᠲᠥᠪ ᠪᠤᠯᠦᠠ ᠣᠯᠠᠨ ᠤᠯᠤᠰ ᠤᠨ ᠪᠤᠰᠤᠳ ᠪᠠᠶᠢᠭᠤᠯᠤᠯᠭ᠎ᠠ ᠶᠢᠨ ᠳᠡᠷᠭᠡᠳᠡ ᠰᠠᠭᠤᠭ᠎ᠠ ᠪᠠᠶᠢᠩᠭᠤ ᠶᠢᠨ ᠲᠥᠯᠦᠭᠡᠯᠡᠭᠴᠢ᠂ ᠡᠯᠴᠢᠨ ᠰᠠᠶᠢᠳ ᠳ᠋᠊ ·ᠭᠡᠷᠡᠯᠮ᠎ᠠ ᠣᠯᠠᠨ ᠤᠯᠤᠰ ᠤᠨ ᠬᠤᠳᠠᠯᠳᠤᠭᠠᠨ ᠤ ᠲᠥᠪ ᠤᠨ ᠭᠦᠢᠴᠡᠳᠬᠡᠬᠦ ᠵᠠᠬᠢᠷᠤᠯ ᠤᠨ ᠣᠷᠤᠯᠠᠭᠴᠢ  ᠳ᠋ᠤᠷᠤᠲ᠋ᠢ ᠲᠧᠮᠪᠤ  ᠶᠢ ᠬᠦᠯᠢᠶᠡᠨ ᠠᠪᠴᠤ ᠠᠭᠤᠯᠵᠠᠪᠠ᠃
ᠠᠭᠤᠯᠵᠠᠯᠲᠠ ᠪᠠᠷ ᠣᠯᠠᠨ ᠤᠯᠤᠰ ᠤᠨ ᠬᠤᠳᠠᠯᠳᠤᠭᠠᠨ ᠤ ᠲᠥᠪ  ᠤᠨ ᠪᠣᠯᠪᠠᠰᠤᠷᠠᠭᠤᠯᠤᠭᠰᠠᠨ︽ᠬᠤᠳᠠᠯᠳᠤᠭ᠎ᠠ᠂ ᠬᠥᠷᠥᠩᠭᠡ ᠣᠷᠤᠭᠤᠯᠤᠯᠲᠠ ᠶᠢᠨ ᠵᠢᠷᠤᠭᠯᠠᠯ︾ ᠪᠠᠷᠢᠮᠲᠠ ᠪᠢᠴᠢᠭ ᠤᠨ ᠬᠤᠶᠠᠳᠠᠬᠢ ᠱᠠᠲᠤ ᠶᠢ ᠡᠬᠢᠯᠡᠭᠦᠯᠬᠦ ᠲᠠᠯ᠎ᠠ ᠪᠠᠷ ᠬᠠᠷᠢᠯᠴᠠᠨ ᠮᠡᠳᠡᠭᠡᠯᠡᠯ ᠰᠣᠯᠢᠯᠴᠠᠪᠠ᠃ ᠮᠦᠨ ᠤᠯᠠᠭᠠᠨᠪᠠᠭᠠᠲᠤᠷ ᠬᠤᠲᠠᠨ᠎ᠠ ᠵᠣᠬᠢᠶᠠᠨ ᠪᠠᠶᠢᠭᠤᠯᠬᠤ ᠳᠡᠯᠡᠬᠡᠢ ᠶᠢᠨ ᠡᠺᠰᠫᠣᠷᠲ ᠢ ᠳᠡᠮᠵᠢᠬᠦ ᠹᠣᠷᠤᠮ ᠤᠨ ᠴᠠᠭ᠂ ᠠᠭᠤᠯᠭ᠎ᠠ᠂ ᠵᠣᠬᠢᠶᠠᠨ ᠪᠠᠶᠢᠭᠤᠯᠤᠯᠲᠠ ᠶᠢᠨ ᠠᠰᠠᠭᠤᠳᠠᠯ ᠢᠶᠠᠷ ᠰᠠᠨᠠᠯ ᠰᠣᠯᠢᠯᠴᠠᠪᠠ᠃

ᠰᠡᠳᠬᠢᠭᠳᠡᠯ ᠦᠯᠡᠳᠡᠭᠡᠬᠦ