529 ᠪᠠᠩᠬᠢ ᠪᠤᠰᠤ ᠰᠠᠩᠬᠦᠦ ᠶᠢᠨ ᠪᠠᠶᠢᠭᠤᠯᠤᠯᠤᠭ᠎ᠠ ᠦᠶᠯᠡ ᠠᠵᠢᠯᠯᠠᠭ᠎ᠠ ᠶᠠᠪᠤᠭᠤᠯᠵᠤ ᠪᠠᠶᠢᠨ᠎ᠡ | News.MN

529 ᠪᠠᠩᠬᠢ ᠪᠤᠰᠤ ᠰᠠᠩᠬᠦᠦ ᠶᠢᠨ ᠪᠠᠶᠢᠭᠤᠯᠤᠯᠤᠭ᠎ᠠ ᠦᠶᠯᠡ ᠠᠵᠢᠯᠯᠠᠭ᠎ᠠ ᠶᠠᠪᠤᠭᠤᠯᠵᠤ ᠪᠠᠶᠢᠨ᠎ᠡ

ᠡᠨᠡ ᠣᠨ ᠤ ᠨᠢᠭᠡᠳᠦᠭᠡᠷ ᠤᠯᠠᠷᠢᠯ ᠤᠨ ᠪᠠᠶᠢᠳᠠᠯ ᠢᠶᠠᠷ ᠰᠠᠩᠬᠦᠦ ᠶᠢᠨ ᠵᠤᠬᠢᠴᠠᠭᠤᠯᠬᠤ ᠬᠤᠷᠢᠶᠠᠨ ᠠᠴᠠ ᠲᠤᠰᠬᠠᠶ ᠵᠥᠪᠰᠢᠶᠡᠷᠡᠯ ᠠᠪᠤᠭᠰᠠᠨ ᠨᠡᠶᠢᠲᠡ 529 ᠪᠠᠩᠬᠢ ᠪᠤᠰᠤ ᠰᠠᠩᠬᠦᠦ ᠶᠢᠨ ᠪᠠᠶᠢᠭᠤᠯᠤᠯᠤᠭ᠎ᠠ ᠦᠶᠯᠡ ᠠᠵᠢᠯᠯᠠᠭ᠎ᠠ ᠶᠠᠪᠤᠭᠤᠯᠵᠤ ᠪᠠᠶᠢᠭ᠎ᠠ ᠪᠥᠭᠡᠳ ᠨᠡᠶᠢᠲᠡ ᠬᠥᠷᠦᠩᠭᠡ ᠶᠢᠨ ᠭᠡᠮᠵᠢᠶ᠎ᠠ 3.0 ᠶᠡᠭᠡ ᠨᠠᠶᠤᠳ ᠲᠥᠭᠦᠷᠢᠭ ᠬᠦᠷᠦᠭᠰᠡᠨ ᠪᠠᠶᠢᠨ᠎ᠡ᠃ ᠪᠠᠩᠬᠢ ᠪᠤᠰᠤ ᠰᠠᠩᠬᠦᠦ ᠶᠢᠨ ᠪᠠᠶᠢᠭᠤᠯᠤᠯᠭ᠎ᠠ ᠨᠤᠭᠤᠳ ᠤᠨ  ᠵᠢᠭᠡᠯᠡᠯᠭᠡ ᠶᠢᠨ ᠦᠯᠡᠳᠡᠭᠳᠡᠯ ᠡᠮᠦᠨᠡᠬᠢ ᠣᠨ ᠤ ᠮᠦᠠ ᠦᠶ᠎ᠡ ᠠᠴᠠ 61.3 ᠬᠤᠪᠢ ᠪᠠᠷ ᠥᠰᠴᠦ 2.3 ᠶᠡᠭᠡ ᠨᠠᠶᠤᠳ ᠲᠥᠭᠦᠷᠢᠭ ᠲᠤ ᠬᠦᠷᠦᠭᠰᠡᠨ ᠪᠠ  ᠵᠢᠭᠡᠯᠡᠯᠭᠡ ᠶᠢᠨ ᠦᠯᠡᠳᠡᠭᠳᠡᠯ ᠤᠨ 35.1 ᠬᠤᠪᠢ ᠨᠢ ᠬᠡᠷᠡᠭᠯᠡᠭᠡᠨ ᠤ ᠵᠢᠭᠡᠯᠡ ᠶᠢᠨ ᠦᠯᠡᠳᠡᠭᠳᠡᠯ᠃ ᠨᠡᠶᠢᠲᠡ ᠵᠢᠭᠡᠯᠡᠯᠭᠡ ᠶᠢᠨ ᠦᠯᠡᠳᠡᠭᠳᠡᠯ ᠤᠨ 88.1 ᠬᠤᠪᠢ ᠶᠢ ᠢᠷᠭᠡᠳ ᠤᠨ᠂ 11.9 ᠬᠤᠪᠢ ᠶᠢ ᠬᠠᠤᠯᠢ ᠶᠢᠨ ᠡᠲᠡᠭᠡᠳ ᠤᠨ ᠵᠢᠭᠡᠯᠡ ᠡᠵᠡᠯᠡᠵᠦ ᠪᠠᠶᠢᠨ᠎ᠡ᠃
ᠰᠠᠯᠪᠤᠷᠢ ᠶᠢᠨ  ᠵᠢᠭᠡᠯᠡᠯᠭᠡ ᠶᠢᠨ ᠨᠡᠶᠢᠯᠡᠭᠦᠯᠦᠯᠲᠡ ᠨᠡᠮᠡᠭᠳᠡᠭᠰᠡᠨ ᠲᠠᠢ ᠬᠤᠯᠪᠣᠭᠠᠲᠠᠢ ᠪᠠᠷ ᠪᠠᠩᠬᠢ ᠪᠤᠰᠤ ᠰᠠᠩᠬᠦᠦ ᠶᠢᠨ ᠪᠠᠶᠢᠭᠤᠯᠤᠯᠭ᠎ᠠ ᠨᠤᠭᠤᠳ ᠤᠨ  ᠵᠢᠭᠡᠯᠡᠯᠭᠡ ᠶᠢᠨ ᠦᠢᠯᠡᠴᠢᠯᠡᠭᠡᠨ ᠤ ᠬᠦᠷᠲᠡᠭᠡᠮᠵᠢ ᠰᠠᠶᠢᠵᠢᠷᠠᠭᠰᠠᠨ ᠪᠥᠭᠡᠳᠵᠢᠭᠡᠯᠡᠳᠦᠭᠴᠢᠳ ᠦᠨ ᠲᠤᠭ᠎ᠠ ᠡᠮᠦᠨᠡᠬᠢ ᠣᠨ ᠤ ᠮᠦᠠ ᠦᠶ᠎ᠡ ᠠᠴᠠ 2.4 ᠳᠠᠬᠢᠨ ᠨᠡᠮᠡᠭᠳᠡᠵᠦ 1.4 ᠰᠠᠶ᠎ᠠ ᠳᠤ ᠬᠦᠷᠦᠭᠰᠡᠨ ᠪᠣᠯ ᠨᠡᠶᠢᠲᠡ ᠬᠠᠷᠢᠯᠴᠠᠭᠴᠢᠳ ᠤᠨ ᠲᠤᠭ᠎ᠠ ᠳᠠᠪᠬᠤᠷᠳᠠᠭᠰᠠᠨ ᠲᠤᠭ᠎ᠠ ᠪᠠᠷ 4.6  ᠰᠠᠶ᠎ᠠ ᠪᠠᠶᠢᠨ᠎ᠡ᠃  ᠡᠨᠡ ᠬᠦ ᠥᠰᠦᠯᠲᠡ ᠨᠢ  ᠵᠢᠭᠡᠯᠡᠯᠭᠡ ᠶᠢᠨ ᠨᠡᠶᠢᠯᠡᠭᠦᠯᠦᠯᠲᠡ ᠠᠴᠠ ᠭᠠᠳᠡᠨ᠎ᠡ ᠲᠧᠭᠨᠣᠯᠣᠭᠢ ᠳᠤ ᠰᠠᠭᠤᠷᠢᠯᠠᠭᠰᠠᠨ ᠰᠠᠩᠬᠦᠦ ᠶᠢᠨ ᠪᠦᠲᠦᠭᠡᠭᠳᠡᠬᠦᠨ᠂ ᠦᠢᠯᠡᠴᠢᠯᠡᠭᠡ ᠵᠠᠬ᠎ᠠ ᠵᠡᠭᠡᠯᠢ ᠳᠤ ᠨᠡᠪᠲᠡᠷᠡᠵᠦ ᠡᠬᠢᠯᠡᠭᠰᠡᠨ ᠲᠠᠢ ᠬᠤᠯᠪᠣᠭ᠎ᠠ ᠲᠠᠢ᠃

 

ᠰᠡᠳᠬᠢᠭᠳᠡᠯ ᠦᠯᠡᠳᠡᠭᠡᠬᠦ